ᠡᠷᠥᠬᠡ ᠶᠢᠨ ᠴᠡᠷᠢᠭ ᠡᠯᠡᠰᠥᠨ ᠮᠠᠩᠬᠠᠨ ᠳᠤ ᠴᠡᠷᠢᠭᠯᠡᠭᠰᠡᠨ ᠨᠢ
ᠨᠡᠶᠢᠲᠡᠯᠡᠭᠰᠡᠨ ᠴᠠᠭ᠄
2024/9/18
       ᠤᠯᠠᠭᠠᠨᠬᠠᠳᠠ ᠬᠤᠲᠠ ᠶᠢᠨ ᠬᠡᠪᠴᠢᠶᠡᠨ ᠳᠠᠬᠢ ᠬᠤᠷᠴᠢᠨ ᠤ ᠡᠯᠡᠰᠥᠷᠬᠡᠭ ᠭᠠᠵᠠᠷ  ᠢ ᠪᠦᠬᠦᠨ ᠢ ᠨᠤᠭᠤᠭᠠᠷᠠᠭᠤᠯᠬᠤ  ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠦᠯᠥᠭᠡ ᠤᠯᠠᠭᠠᠨᠬᠠᠳᠠ ᠬᠤᠲᠠ ᠶᠢᠨ ᠡᠷᠦᠬᠡ ᠶᠢᠨ ᠴᠡᠷᠢᠭ ᠤᠨ ᠡᠯᠡᠰᠦ  ᠮᠠᠩᠬ᠎ᠠ ᠶᠢ ᠵᠠᠰᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ  ᠡᠬᠢᠯᠡᠭᠦᠯᠪᠡ᠃ ᠸᠠᠨ ᠴᠤᠤ ᠴᠢ᠂ ᠰᠦᠢ ᠯᠢ᠂ ᠹᠠᠩ ᠷᠦᠢ᠂ ᠴᠧᠨ ᠲᠠᠢ ᠰᠢᠨ᠂ ᠹᠦ᠋ ᠱᠸᠤ ᠯᠢ  ᠵᠡᠷᠭᠡ ᠤᠳᠤᠷᠢᠳᠤᠯᠭ᠎ᠠ ᠡᠷᠦᠬᠡ ᠶᠢᠨ ᠴᠡᠷᠢᠭ ᠲᠠᠢ ᠬᠠᠮᠲᠤ ᠪᠠᠷ ᠡᠯᠡᠰᠦ ᠶᠢ ᠵᠠᠰᠠᠬᠤ   ᠬᠦᠳᠡᠯᠮᠥᠷᠢ ᠳᠤ ᠣᠷᠣᠯᠴᠠᠪᠠ᠃        9 ᠰᠠᠷ᠎ᠠ ᠶᠢᠨ 14 ᠤ ᠡᠳᠤᠷ ︽ᠤᠯᠠᠭᠠᠨᠬᠠᠳᠠ ᠬᠤᠳᠠ ᠶᠢᠨ ᠡᠷᠦᠬᠡ ᠶᠢᠨ ᠴᠡᠷᠢᠭ ᠤᠨ ᠡᠯᠡᠰᠦ ᠶᠢ ᠵᠠᠰᠠᠬᠤ ᠰᠠᠭᠤᠷᠢᠨ ᠭᠠᠵᠠᠷ︾   ᠤᠨ ᠪᠦᠳᠦᠭᠡᠨ ᠪᠠᠶᠢᠭᠤᠯᠤᠯᠳᠠ ᠨᠢ ᠤᠩᠨᠢᠭᠤᠳ ᠬᠤᠰᠢᠭᠤ᠂ ᠠᠤᠬᠠᠨ ᠬᠤᠰᠢᠭᠤ᠂ ᠠᠷᠤ ᠬᠤᠷᠴᠢᠨ ᠬᠤᠰᠢᠭᠤ᠂ ᠬᠡᠰᠢᠭᠳᠡᠨ ᠬᠤᠰᠢᠭᠤᠨ ᠳᠤ ᠵᠡᠷᠭᠡ ᠪᠠᠷ ᠡᠬᠢᠯᠡᠯᠳᠡ ᠶᠢᠨ ᠬᠦᠰᠢᠭᠡ ᠪᠠᠨ ᠰᠡᠬᠦᠭᠡᠪᠡ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠴᠡᠷᠢᠭ ᠤᠨ ᠬᠤᠪᠢᠶᠠᠷᠢ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠸᠠᠨ ᠴᠤᠤ ᠴᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠢ ᠯᠢ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠷᠦᠢ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠤᠭᠤᠷᠢᠭ ᠤᠨ ᠤᠯᠤᠰ ᠲᠦᠷᠦ ᠶᠢᠨ ᠭᠡᠰᠢᠬᠦᠨ ᠴᠧᠨ ᠲᠠᠢ ᠰᠢᠨ᠂ ᠬᠤᠳᠠ ᠶᠢᠨ  ᠳᠡᠳ᠋ ᠳᠠᠷᠤᠭ᠎ᠠ ᠹᠦ᠋ ᠱᠸᠤ ᠯᠢ ᠨᠠᠷ ᠤᠩᠨᠢᠭᠤᠳ ᠬᠤᠰᠢᠭᠤᠨ ᠤ ᠡᠷᠦᠬᠡ ᠶᠢᠨ ᠴᠡᠷᠢᠭ ᠤᠨ ᠡᠯᠡᠰᠦ ᠶᠢ ᠵᠠᠰᠠᠬᠤ ᠰᠠᠭᠤᠷᠢᠨ ᠭᠠᠵᠠᠷ ᠲᠤ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠬᠤᠩᠱᠠᠨ ᠲᠤᠭᠤᠷᠢᠭ᠂ ᠶᠤᠸᠠᠨ ᠪᠤᠤ ᠱᠠᠨ ᠲᠤᠭᠤᠷᠢᠭ᠂ ᠰᠦᠡᠭᠱᠠᠨ ᠲᠤᠭᠤᠷᠢᠭ  ᠠᠴᠠ ᠬᠦᠷᠥᠯᠴᠡᠨ ᠢᠷᠡᠭᠰᠡᠨ 1 000 ᠭᠠᠷᠤᠢ ᠡᠷᠦᠬᠡ ᠶᠢᠨ ᠴᠡᠷᠢᠭ ᠲᠠᠢ ᠬᠠᠮᠲᠤ ᠪᠠᠷ ᠡᠯᠡᠰᠦ ᠶᠢ ᠵᠠᠰᠠᠬᠤ ᠬᠦᠳᠡᠯᠮᠦᠷᠢ ᠳᠤ ᠤᠷᠤᠯᠴᠠᠪᠠ᠃ ᠡᠭᠦᠨ ᠤ ᠬᠠᠮᠲᠤ ᠠᠤᠬᠠᠨ ᠬᠤᠰᠢᠭᠤ᠂ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ ᠪᠣᠯᠣᠨ ᠪᠠᠭᠠᠷᠢᠨ ᠵᠡᠭᠦᠨ ᠬᠤᠰᠢᠭᠤ᠂ ᠯᠢᠨᠰᠢ ᠰᠢᠶᠠᠨ ᠤ 900 ᠭᠠᠷᠤᠢ ᠡᠷᠦᠬᠡ ᠶᠢᠨ ᠴᠡᠷᠢᠭ  ᠭᠠᠵᠠᠷ ᠤᠷᠤᠨ ᠤ ᠪᠠᠨ ᠡᠯᠡᠰᠦ ᠶᠢ ᠵᠠᠰᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠠᠢ᠃       ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠨᠢᠭᠲᠠᠷᠠᠭᠤᠯᠤᠨ  ᠂ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠢᠯᠠᠯᠲᠠ ᠶᠢ ᠬᠠᠮᠲᠤ ᠪᠠᠷ ᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠡᠯᠡᠰᠦᠷᠬᠡᠭ ᠭᠠᠵᠠᠷ ᠤᠨ ᠲᠠᠷᠬᠠᠯᠲᠠ ᠪᠠᠷ ᠨᠡᠯᠢᠶᠡᠳ ᠲᠥᠪᠯᠡᠷᠡᠭᠰᠡᠨ ᠣᠩᠨᠢᠭᠤᠳ ᠬᠤᠰᠢᠭᠤ᠂ ᠠᠤᠬᠠᠨ ᠬᠤᠰᠢᠭᠤ᠂ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ ᠪᠠᠷ ᠭᠤᠤᠯᠳᠠᠯᠭ᠎ᠠ ᠪᠣᠯᠭᠠᠵᠤ᠂ ᠡᠷᠦᠬᠡ ᠶᠢᠨ ᠴᠡᠷᠢᠭ ᠤᠨ ᠡᠯᠡᠰᠦ ᠶᠢ ᠵᠠᠰᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠥᠷᠭᠡᠨ ᠣᠯᠠᠨ ᠡᠷᠦᠬᠡ ᠶᠢᠨ ᠴᠡᠷᠢᠭ ᠢᠯᠠᠩᠭᠤᠶ᠎ᠠ ᠰᠢᠯᠢᠳᠡᠭ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠵᠤ ᠢᠳᠡᠪᠬᠢᠲᠡᠶ ᠣᠷᠣᠯᠴᠠᠭᠤᠯᠵᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠪᠠᠷ ᠰᠤᠳᠤᠯᠤᠨ ᠲᠣᠭᠲᠠᠭᠠᠪᠠ᠃ ᠤᠯᠠᠭᠠᠨᠬᠠᠳᠠ ᠬᠤᠲᠠ ᠶᠢᠨ ᠡᠷᠦᠬᠡ ᠶᠢᠨ ᠴᠡᠷᠢᠭ ᠤᠨ ᠡᠯᠡᠰᠦ ᠶᠢ ᠵᠠᠰᠠᠬᠤ ᠰᠠᠭᠤᠷᠢᠨ ᠭᠠᠵᠠᠷ ᠤᠨ ᠡᠬᠢᠨ ᠤ ᠬᠤᠭᠤᠴᠠᠭᠠᠨ ᠤ ᠲᠥᠯᠥᠪᠵᠢᠭᠦᠯᠦᠭᠰᠡᠨ ᠲᠠᠯᠠᠪᠠᠶ ᠨᠢ 10.6 ᠲᠦᠮᠡᠨ ᠮᠥ ᠳᠤ ᠬᠦᠷᠴᠦ᠂ 2027 ᠣᠨ ᠤ ᠡᠴᠦᠰ ᠲᠤ ᠵᠠᠰᠠᠯᠲᠠ ᠶᠢ ᠦᠨᠳᠦᠰᠦᠨ ᠳᠤ ᠪᠠᠨ ᠪᠡᠶᠡᠯᠡᠭᠦᠯᠵᠦ᠂ ᠪᠠᠶᠢᠴᠠᠭᠠᠯᠲᠠ ᠦᠨᠡᠯᠡᠯᠲᠡ ᠶᠢ ᠬᠦᠯᠢᠶᠡᠬᠦ ᠪᠠᠷ ᠲᠥᠯᠥᠪᠯᠡᠵᠦ᠂ 2029 ᠣᠨ ᠤ ᠡᠴᠦᠰ  ᠪᠤᠯᠬᠤ   ᠳᠤ ᠣᠨᠴᠠ ᠵᠠᠷᠢᠮ  ᠤᠷᠤᠨ   ᠢ ᠰᠡᠯᠪᠢᠨ ᠵᠠᠰᠠᠬᠤ᠂ ᠰᠢᠯᠭᠠᠨ ᠬᠤᠷᠢᠶᠠᠨ ᠠᠪᠴᠤ ᠲᠡᠭᠦᠯᠳᠡᠷᠵᠢᠭᠦᠯᠬᠦ  ᠪᠤᠯᠤᠨ᠎ᠠ᠃ ᠡᠭᠦᠨ ᠤ ᠬᠠᠮᠲᠤ᠂ ᠡᠯᠡᠰᠦ ᠶᠢ ᠵᠠᠰᠠᠬᠤ ᠪᠣᠳᠠᠲᠤ ᠪᠠᠶᠢᠳᠠᠯ ᠠᠴᠠ ᠡᠭᠦᠰᠴᠦ᠂ ᠣᠷᠣᠯᠴᠠᠬᠤ ᠲᠣᠭᠲᠠᠴᠠ ᠶᠢ  ᠲᠡᠭᠦᠯᠳᠡᠷᠵᠢᠭᠦᠯᠵᠦ᠂ ᠵᠠᠰᠠᠬᠤ ᠣᠷᠣᠨ ᠪᠦᠰᠡ ᠶᠢ ᠲᠠᠰᠤᠷᠠᠯᠲᠠ ᠥᠬᠡᠶ ᠥᠷᠭᠡᠳᠬᠡᠨ᠂ ᠪᠥᠬᠦ ᠬᠤᠲᠠ ᠶᠢᠨ 2030 ᠣᠨ ᠳᠤ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠪᠥᠬᠦ ᠲᠠᠯ᠎ᠠ ᠪᠠᠷ ᠢᠯᠠᠯᠲᠠ ᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ  ᠭᠡᠵᠡᠢ᠃       ᠣᠩᠨᠢᠭᠤᠳ ᠬᠤᠰᠢᠭᠤᠨ ᠤ ᠡᠷᠦᠬᠡ ᠶᠢᠨ ᠴᠡᠷᠢᠭ ᠤᠨ ᠡᠯᠡᠰᠦ ᠶᠢ ᠵᠠᠰᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠬᠦ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠸᠠᠨ ᠴᠤᠤ ᠴᠢ ᠶᠠᠷᠢᠶ᠎ᠠ ᠲᠠᠯᠪᠢᠵᠤ᠂ ᠪᠦᠬᠦ ᠬᠤᠳᠠ ᠶᠢᠨ ᠥᠷᠭᠡᠨ ᠤᠯᠠᠨ ᠡᠷᠦᠬᠡ ᠶᠢᠨ ᠴᠡᠷᠢᠭ ᠨᠢ ᠠᠷᠠᠳ ᠤᠨ ᠴᠡᠷᠢᠭ ᠠᠩᠬᠢ ᠶᠢᠨ ᠵᠣᠷᠢᠭᠲᠠᠢ ᠪᠠᠷ  ᠪᠠᠶᠢᠯᠳᠤᠵᠤ ᠵᠠᠪᠠᠯ  ᠢᠯᠠᠯᠳᠠ ᠤᠯᠬᠤ ᠵᠣᠷᠢᠭ ᠰᠠᠨᠠᠭᠠᠨ ᠤ ᠬᠡᠪ ᠴᠢᠨᠠᠷ ᠪᠣᠯᠤᠨ ᠤᠯᠠᠭᠠᠨᠬᠠᠳᠠ ᠶᠢᠨ ᠠᠷᠠᠳ ᠲᠦᠮᠡᠨ ᠤ ᠡᠯᠡᠰᠦ ᠶᠢ ᠰᠡᠷᠭᠡᠶᠢᠯᠡᠵᠦ ᠵᠠᠰᠠᠬᠤ ᠢᠷᠠᠭᠤ ᠠᠯᠳᠠᠷᠲᠤ ᠤᠯᠠᠮᠵᠢᠯᠠᠯ  ᠢ ᠭᠦᠢᠴᠡᠳ ᠪᠠᠳᠠᠷᠠᠭᠤᠯᠵᠤ᠂ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠢᠳᠡᠪᠬᠢᠲᠡᠢ ᠣᠷᠣᠯᠴᠠᠬᠤ  ᠬᠡᠷᠡᠭᠳᠡᠢ᠃ ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠪᠣᠯᠣᠨ ᠡᠯ᠎ᠡ ᠬᠤᠰᠢᠭᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠥᠷᠭᠡᠨ ᠢᠶᠠᠷ ᠳᠠᠶᠢᠴᠢᠯᠠᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠡᠷᠦᠬᠡ ᠶᠢᠨ ᠴᠡᠷᠢᠭ ᠤᠨ ᠪᠣᠯᠪᠠᠰᠤᠷᠠᠯ ᠪᠣᠯᠣᠨ ᠡᠯᠡᠰᠦ ᠶᠢ ᠰᠡᠷᠭᠡᠶᠢᠯᠡᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠪᠠᠶᠢᠩᠭᠤ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠬᠤᠲᠠ ᠬᠤᠰᠢᠭᠤ ᠬᠤᠶᠠᠷ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠯᠠᠩᠭᠤᠶ᠎ᠠ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠰᠠᠶᠢᠲᠤᠷ ᠲᠥᠯᠥᠪᠵᠢᠭᠦᠯᠦᠨ᠂ ᠪᠠᠷᠢᠮᠵᠢᠶ᠎ᠠ ᠶᠢ ᠡᠵᠡᠮᠳᠡᠵᠦ᠂ ᠡᠷᠦᠬᠡ ᠶᠢᠨ ᠴᠡᠷᠢᠭ ᠤᠨ ᠡᠯᠡᠰᠦᠷᠬᠡᠭᠵᠢᠯ ᠢ ᠵᠠᠰᠠᠬᠤ ᠰᠠᠭᠤᠷᠢᠨ ᠭᠠᠵᠠᠷ ᠢ ᠰᠠᠶᠢᠲᠤᠷ ᠪᠥᠲᠥᠭᠡᠨ ᠪᠠᠶᠢᠭᠤᠯᠬᠤ ᠶᠢ ᠠᠬᠢᠭᠤᠯᠤᠨ᠂ ᠰᠠᠶᠢᠲᠤᠷ ᠬᠠᠮᠢᠶᠠᠷᠴᠤ᠂ ᠪᠥᠬᠦ ᠨᠡᠶᠢᠭᠡᠮ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ  ᠵᠠᠰᠠᠬᠤ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ  ᠭᠡᠵᠥ ᠬᠦᠰᠡᠨ ᠱᠠᠭᠠᠷᠳᠠᠭᠰᠠᠨ ᠪᠠᠶᠢᠨ᠎ᠠ᠃ ᠴᠧᠨ ᠲᠠᠢ ᠰᠢᠨ ᠪᠦᠬᠦ ᠬᠤᠳᠠ ᠶᠢᠨ ᠡᠷᠦᠭᠡ ᠶᠢᠨ ᠴᠡᠷᠢᠭ ᠤᠨ ᠡᠯᠡᠰᠦ ᠶᠢ ᠵᠠᠰᠠᠬᠤ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠲᠤᠬᠢᠷᠠᠭᠤᠯᠤᠯᠳᠠ ᠶᠢ ᠲᠠᠨᠢᠯᠴᠠᠭᠤᠯᠵᠤ᠂ ᠣᠩᠨᠢᠭᠤᠳ ᠬᠤᠰᠢᠭᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠣᠩᠨᠢᠭᠤᠳ ᠬᠤᠰᠢᠭᠤ᠂ ᠬᠤᠩᠱᠠᠨ ᠲᠣᠭᠤᠷᠢᠭ ᠤᠨ ᠡᠷᠦᠭᠡ ᠶᠢᠨ ᠴᠡᠷᠢᠭ ᠤᠨ ᠲᠥᠯᠥᠭᠡᠯᠡᠭᠴᠢ ᠶᠠᠷᠢᠶ᠎ᠠ ᠲᠠᠯᠪᠢᠵᠤ᠂ ᠡᠯᠡᠰᠦ ᠶᠢ ᠵᠠᠰᠠᠬᠤ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠢᠲᠡᠭᠡᠯ ᠵᠣᠷᠢᠭ ᠢᠶᠠᠨ ᠢᠯᠡᠳᠬᠡᠪᠡ᠃       ᠡᠬᠢᠯᠡᠯᠳᠡ ᠶᠢᠨ ᠶᠤᠰᠤᠯᠠᠯ ᠳᠠᠭᠤᠰᠤᠭᠰᠠᠨ ᠤ ᠳᠠᠷᠠᠭ᠎ᠠ᠂  ᠬᠦᠳᠡᠯᠮᠥᠷᠢ ᠳᠤ ᠤᠷᠤᠯᠴᠠᠬᠤ ᠪᠦᠬᠦ ᠬᠥᠮᠦᠰ ᠬᠠᠮᠲᠤᠪᠠᠷ ᠡᠯᠡᠰᠦ ᠶᠢ ᠵᠠᠰᠠᠬᠤ ᠠᠵᠢᠯ ᠤᠨ ᠲᠣᠭᠤᠷᠢᠭ ᠲᠤ ᠬᠦᠷᠴᠥ᠂ ᠡᠯᠡᠰᠦ ᠶᠢ  ᠲᠤᠭᠳᠠᠪᠤᠷᠢᠵᠢᠭᠤᠯᠬᠤ ᠬᠠᠯᠬᠠᠪᠴᠢ ᠪᠤᠰᠬᠠᠵᠤ ᠡᠬᠢᠯᠡᠪᠡ᠃      ᠤᠯᠠᠭᠠᠨᠬᠠᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠪᠠᠶᠢᠭᠤᠯᠭ᠎ᠠ ᠶᠢᠨ ᠪᠦᠬᠦ ᠳᠠᠷᠤᠭ᠎ᠠ ᠪᠠᠶᠢᠯᠳᠤᠭᠴᠢ ᠂ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠳᠠ ᠶᠢᠨ  ᠳᠠᠶᠢᠴᠯᠠᠯᠳᠠ ᠶᠢᠨ ᠠᠯᠪᠠᠨ ᠭᠡᠷ ᠤᠨ ᠪᠠᠭ ᠤᠨ ᠪᠦᠷᠢᠯᠳᠦᠬᠦᠨ᠂ ᠣᠩᠨᠢᠭᠤᠳ ᠬᠤᠰᠢᠭᠤ᠂ ᠠᠤᠬᠠᠨ ᠬᠤᠰᠢᠭᠤ᠂ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠪᠠ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠤᠣᠯ ᠬᠠᠷᠢᠭᠤᠴᠠᠯᠭᠠᠲᠠᠨ᠂ ᠪᠤᠰᠤᠳ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号