ᠮᠠᠨ ᠤ ᠬᠤᠰᠢᠭᠤ ᠠᠯᠠᠰᠢᠨ ᠬᠤᠨᠢᠨ ᠤ ᠰᠢᠯᠢᠳᠡᠭ ᠡᠭᠦᠯᠳᠡᠷ ᠢ ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/9/18
       9 ᠰᠠᠷ᠎ᠠ ᠶᠢᠨ 13 ᠤ ᠡᠳᠦᠷ᠂ ᠮᠠᠨ ᠤ ᠬᠤᠰᠢᠭᠤᠨ ᠤ 2024 ᠣᠨ ᠤ ︽ᠬᠤᠨᠢ ᠪᠠᠨ ᠦᠰᠭᠡᠵᠥ ᠬᠤᠷᠢᠶᠠᠯᠲᠠ ᠪᠡᠨ᠋ ᠪᠡᠯᠭᠡᠯᠡᠬᠦ︾ ᠠᠯᠠᠰᠢᠨ ᠬᠤᠨᠢᠨ ᠤ ᠰᠢᠯᠢᠳᠡᠭ ᠡᠭᠦᠯᠳᠡᠷ ᠢ ᠰᠢᠯᠭᠠᠷᠠᠭᠤᠯᠬᠤ ᠤᠷᠤᠯᠳᠤᠭᠠᠨ ᠬᠡᠷᠰᠡᠩ ᠰᠤᠮᠤᠨ ᠳᠤ ᠶᠠᠪᠤᠭᠳᠠᠪᠠ᠃        ᠡᠬᠢᠯᠡᠯᠲᠡ ᠶᠢᠨ ᠶᠣᠰᠣᠯᠠᠯ ᠳᠡᠭᠡᠷ᠎ᠡ᠂ ᠪᠥᠬᠦ ᠬᠤᠰᠢᠭᠤᠨ ᠤ ᠠᠯᠠᠰᠢᠨ ᠬᠤᠨᠢᠨ ᠤ ᠠᠵᠤ ᠦᠢᠯᠡᠰ ‍ᠤᠨ‌ᠦᠨᠳᠦᠰᠦᠨ ᠪᠠᠶᠢᠳᠠᠯ ᠢ ᠲᠠᠨᠢᠯᠴᠠᠭᠤᠯᠤᠭᠰᠠᠨ ᠠᠴᠠ ᠭᠠᠳᠠᠨ᠎ᠠ᠂ ᠥᠪᠥᠷ ᠮᠣᠩᠭᠤᠯ ᠤᠨ ᠰᠠᠶᠢᠨᠠᠤ ᠡᠭᠦᠯᠳᠡᠷ ᠤᠨ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠡᠷᠰᠡᠩ ᠰᠤᠮᠤ ᠶᠢᠨ ᠡᠷᠡᠨᠮᠠᠩᠬ᠎ᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ᠂ ᠠᠰᠢᠬᠠᠨ ᠰᠤᠮᠤ ᠶᠢᠨ ︽ᠠᠮᠢᠨ ᠡᠵᠢ︾ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠠᠴᠠ ᠠᠯᠠᠰᠢᠨ ᠬᠤᠨᠢᠨ ᠤ ᠡᠭᠦᠯᠳᠡᠷ ᠰᠠᠶᠢᠵᠢᠷᠠᠭᠤᠯᠤᠭᠰᠠᠨ ᠲᠤᠷᠰᠢᠯᠭ᠎ᠠ ᠪᠠᠨ ᠲᠠᠨᠢᠯᠴᠠᠭᠤᠯᠪᠠ᠃        ᠲᠤᠰ ᠤᠳᠠᠭᠠᠨ ᠤ ᠤᠷᠤᠯᠳᠤᠭᠠᠨ ᠳᠤ ᠪᠦᠬᠦ ᠬᠤᠰᠢᠭᠤᠨ ᠤ 17 ᠰᠤᠮᠤ ᠰᠢᠶᠠᠩ ᠪᠠᠯᠭᠠᠰᠤ ᠲᠠᠯᠠᠪᠠᠢ ᠠᠴᠠ ᠢᠷᠡᠭᠰᠡᠨ ᠲᠡᠵᠢᠭᠡᠨ ᠦᠷᠡᠵᠢᠭᠦᠯᠬᠦ ᠦᠢᠯᠡᠰ ᠤᠨ ᠴᠢᠳᠠᠪᠤᠷᠢᠳᠠᠳ᠂ ᠰᠠᠹᠣᠺ᠂ ᠳ᠋ᠦ᠋ ᠪᠦᠸᠧ᠂ ᠳ᠋ᠦ᠋ ᠮᠧᠩ᠂ ᠣᠣ ᠪᠠᠢ᠂ ᠱᠠᠷᠯᠠᠭᠤᠨ ᠵᠡᠷᠭᠡ ᠰᠠᠶᠢᠨ ᠡᠭᠦᠯᠳᠡᠷ ᠤᠨ ᠬᠤᠨᠢ ᠪᠠᠨ ᠠᠪᠴᠢᠷᠠᠵᠤ ᠰᠢᠯᠭᠠᠷᠠᠭᠤᠯᠤᠯᠳᠠ ᠳᠤ ᠣᠷᠣᠯᠴᠠᠪᠠ᠃ ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠠᠴᠠ ᠢᠷᠡᠭᠰᠡᠨ ᠲᠠᠪᠤᠨ ᠲᠤᠰᠬᠠᠶ ᠮᠡᠷᠭᠡᠵᠢᠯᠲᠡᠨ ᠠᠴᠠ ᠶᠡᠷᠥᠩᠬᠡᠢ ᠣᠨᠴᠠᠯᠢᠭ᠂ ᠪᠡᠶ᠎ᠡ ᠭᠠᠳᠠᠷ᠂ ᠦᠷᠡᠰ ᠮᠠᠯ ᠳᠤ ᠬᠡᠷᠡᠭᠯᠡᠬᠦ ᠣᠨᠴᠠᠯᠢᠭ᠂ ᠦᠷᠡᠵᠢᠯ ᠤᠨ ᠴᠢᠳᠠᠮᠵᠢ ᠵᠡᠷᠭᠡ ᠲᠠᠯ᠎ᠠ ᠪᠠᠷ ᠤᠷᠤᠯᠳᠤᠭᠠᠨ ᠳᠤ ᠣᠷᠣᠯᠴᠠᠭᠰᠠᠨ ᠠᠯᠠᠰᠢᠨ ᠬᠤᠨᠢ ᠳᠤ ᠲᠤᠬᠠᠶ ᠶᠢᠨ ᠲᠠᠯᠠᠪᠠᠢ ᠳᠤ ᠬᠤᠪᠢ ᠦᠭᠴᠥ᠂ ᠰᠢᠯᠭᠠᠷᠠᠭᠤᠯᠤᠨ ᠱᠠᠩᠨᠠᠪᠠ᠃        ᠲᠣᠰ ᠤᠳᠠᠭᠠᠨ ᠤ ᠠᠯᠠᠰᠢᠨ ᠬᠤᠨᠢᠨ ᠤ ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠥᠭᠡᠯ ᠢ ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠢ ᠡᠷᠬᠢᠯᠡᠭᠰᠡᠨ ᠨᠢ ᠪᠥᠬᠦ ᠬᠤᠰᠢᠭᠤᠨ ᠤ ᠰᠠᠶᠢᠨ ᠡᠭᠦᠯᠳᠡᠷ ᠤᠨ ᠡᠬᠢ ᠪᠠᠶᠠᠯᠢᠭ ᠤᠨ ᠳᠠᠪᠠᠭᠤᠯᠢᠭ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠮᠠᠯ ᠤᠨ ᠲᠤᠰ ᠪᠡᠶ᠎ᠡ ᠶᠢᠨ ᠦᠢᠯᠡᠳᠪᠦᠷᠢᠯᠡᠯ ᠤᠨ ᠴᠢᠨᠠᠷ ᠴᠢᠨᠰᠠᠭ᠎ᠠ ᠪᠠᠷ ᠰᠢᠪᠲᠤᠯᠤᠯᠲᠠ ᠭᠠᠷᠭᠠᠵᠤ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠠ ᠥᠷᠢᠰᠦᠯᠳᠦᠬᠦ ᠬᠦᠴᠦᠨ ᠤ ᠪᠥᠬᠦ ᠲᠠᠯ᠎ᠠ ᠶᠢᠨ ᠰᠢᠪᠲᠤᠯᠤᠯᠲᠠ ᠶᠢ ᠳᠠᠶᠢᠴᠢᠯᠠᠨ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠮᠢ ᠠᠬᠤᠶ ᠶᠢᠨ ᠮᠠᠯ ᠠᠵᠤ ᠠᠬᠤᠶ ᠶᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号