ᠣᠩᠨᠢᠭᠤᠳ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/20
      9 ᠰᠠᠷ᠎ᠠ ᠶᠢᠨ 19 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠯᠢ ᠢᠦᠶ ᠲᠢᠩ᠂ ᠯᠤᠸᠠᠨ ᠱᠸᠤ ᠡᠤ᠂ ᠤᠳᠤᠨᠴᠢᠮᠡᠭ᠂ ᠵᠧᠩ ᠱᠸᠤ ᠰᠢᠤᠸᠠᠢ᠂ ᠯᠢᠨ ᠬᠤ᠋ ᠬᠤᠷᠠᠯ ᠳᠤ ᠤᠷᠤᠯᠴᠠᠵᠤ᠂ ᠵᠠᠩ ᠴᠢᠶᠠᠩ᠂ ᠰᠦᠨ ᠶᠠᠨ ᠬᠤᠩ᠂ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ ︽ᠣᠩᠨᠢᠭᠤᠳ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾᠂ ︽ᠣᠩᠨᠢᠭᠤᠳ ᠬᠤᠰᠢᠭᠤᠨ ᠤ 2024 ᠤᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠤᠷᠢᠳᠴᠢᠯᠠᠭᠰᠠᠨ ᠲᠦᠰᠦᠪ ᠢ ᠬᠡᠷᠡᠭᠵᠢᠭᠦᠯᠥᠭᠰᠡᠨ ᠪᠠᠶᠢᠳᠠᠯ ᠤᠨ ᠲᠤᠬᠠᠢ ᠮᠡᠳᠡᠭᠦᠯᠥᠯᠲᠡ︾᠂ ︽ᠣᠩᠨᠢᠭᠤᠳ ᠬᠤᠰᠢᠭᠤᠨ ᠤ 2023 ᠣᠨ ᠤ ᠲᠥᠰᠥᠪ ᠢ ᠭᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ︾ ᠶᠢ ᠬᠢᠨᠠᠨ ᠵᠦᠪᠯᠡᠵᠦ ᠪᠠᠲᠤᠯᠠᠪᠠ᠃ ︽ᠣᠩᠨᠢᠭᠤᠳ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠲᠥᠰᠥᠯ︾᠂ ︽ᠣᠩᠨᠢᠭᠤᠳ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢᠨ ᠲᠥᠰᠥᠯ︾ ᠢ ᠬᠢᠨᠠᠨ ᠵᠥᠪᠯᠡᠵᠦ ᠵᠥᠪᠰᠢᠶᠡᠷᠡᠪᠡ︔ ᠣᠩᠨᠢᠭᠤᠳ ᠬᠤᠰᠢᠭᠤᠨ ᠤ ᠰᠢᠭᠦᠬᠦ ᠬᠤᠷᠢᠶᠠᠨ ᠤ ᠬᠠᠪᠰᠤᠷᠤᠨ ᠰᠢᠭᠦᠭᠴᠢ ᠶᠢᠨ ᠲᠤᠭ᠎ᠠ ᠶᠢ ᠲᠣᠭᠲᠠᠭᠠᠬᠤ ᠲᠤᠬᠠᠢ ᠲᠣᠭᠲᠠᠭᠠᠯ ᠵᠢᠴᠢ ᠲᠥᠯᠥᠭᠡᠯᠡᠭᠴᠢᠳ ᠤᠨ ᠲᠤᠰᠢᠶᠠᠯ ᠠᠴᠠ ᠪᠠᠨ ᠪᠠᠭᠤᠬᠤ ᠵᠦᠢᠯᠡᠰ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠰᠣᠨᠣᠰᠴᠤ ᠬᠢᠨᠠᠨ ᠵᠦᠪᠯᠡᠵᠦ ᠪᠠᠲᠤᠯᠠᠭᠰᠠᠨ ᠤ ᠬᠠᠮᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠰᠢᠨ᠎ᠡ ᠪᠠᠷ ᠲᠤᠰᠢᠶᠠᠯ ᠡᠭᠦᠷᠭᠡᠯᠡᠭᠰᠡᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠠᠩᠭᠠᠷᠢᠭᠯᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号