| | 9 ᠰᠠᠷ᠎ᠠ ᠶᠢᠨ 19 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ | ᠮᠥᠩᠬᠡ 2024 ᠣᠨ ᠤ 6 ᠳ᠋ᠤᠭᠠᠷ ᠤᠳᠠᠭᠠᠨ ᠤ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ | ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ | ᠪᠠᠶᠢᠷᠢᠯᠠᠭᠤᠯᠤᠯᠲᠠ ᠬᠢᠵᠡᠢ᠃ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠬᠡᠰᠢᠭᠦᠳ ᠬᠤᠷᠠᠯ ᠳᠤ ᠣᠷᠣᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠪᠦᠬᠦ ᠬᠦᠴᠦᠨ ᠢᠶᠠᠷ ᠢᠶᠠᠨ | ᠪᠠᠶᠢᠭᠤᠯᠵᠤ᠂ ᠠᠷᠠᠳ ᠲᠦᠮᠡᠨ ᠤ ᠰᠡᠳᠬᠢᠯ ᠳᠤ ᠲᠠᠭᠠᠯᠠᠭᠳᠠᠭᠰᠠᠨ ᠰᠤᠷᠭᠠᠨ ᠬᠥᠮᠦᠵᠢᠯ ᠢ ᠡᠷᠬᠢᠯᠡᠬᠦ ᠬᠡᠷᠡᠭᠲᠡᠢ᠃ | ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠢᠲᠡᠭᠡᠯ ᠪᠢᠰᠢᠷᠡᠯ ᠪᠠᠲᠤ ᠴᠢᠩᠭ᠎ᠠ᠂ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠲᠠᠪᠰᠢᠩᠭᠤᠢ᠂ ᠪᠠᠭᠰᠢ ᠶᠢᠨ ᠮᠣᠷᠠᠯ | ᠰᠤᠷᠲᠠᠯ ᠰᠢᠯᠢᠳᠡᠭ᠂ ᠲᠤᠰᠬᠠᠢ ᠮᠡᠷᠭᠡᠵᠢᠯ ᠤᠨ ᠴᠢᠳᠠᠪᠤᠷᠢ ᠯᠠᠪᠳᠠᠭᠤᠨ ᠪᠠᠲᠤᠲᠠᠢ ᠰᠤᠷᠭᠠᠨ ᠬᠥᠮᠦᠵᠢᠯ ᠤᠨ | ᠡᠩᠨᠡᠭᠡ ᠶᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠷᠳᠣ ᠬᠤᠭᠤᠴᠠᠭᠠᠨ ᠤ ᠢᠨᠵᠧᠨᠧᠷᠢᠩ ᠪᠤᠯᠭᠠᠨ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠲᠠᠢ ᠨᠢᠭᠲᠠ | ᠤᠶᠠᠯᠳᠤᠭᠤᠯᠵᠤ᠂ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠨᠠᠶᠢᠳᠠᠪᠤᠷᠢᠵᠢᠭᠤᠯᠤᠯᠲᠠ ᠶᠢᠨ ᠠᠷᠭ᠎ᠠ | ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠥᠭᠡᠷᠡᠴᠢᠯᠡᠯᠲᠡ ᠪᠠᠷ ᠡᠯ᠎ᠡ ᠵᠦᠢᠯ ᠤᠨ ᠠᠵᠢᠯ ᠤᠨ | ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ᠂ ᠡᠯᠡᠰᠦ ᠶᠢ ᠰᠡᠷᠭᠡᠶᠢᠯᠡᠨ ᠵᠠᠰᠠᠬᠤ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ | ︾ ᠠᠷᠭ᠎ᠠ ᠲᠤᠷᠰᠢᠯᠭ᠎ᠠ ᠪᠤᠯᠤᠨ ᠬᠦᠷᠦᠯᠴᠡᠬᠦ ᠦᠭᠡᠢ ᠲᠠᠯ᠎ᠠ ᠪᠠᠨ ᠪᠥᠬᠦ ᠲᠠᠯ᠎ᠠ ᠪᠠᠷ ᠳ᠋ᠦᠩᠨᠡᠵᠦ᠂ ᠬᠤᠰᠢᠭᠤᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠲᠥᠯᠥᠪᠵᠢᠭᠦᠯᠬᠦ᠂ ᠪᠥᠲᠥᠭᠡᠨ ᠪᠠᠶᠢᠭᠤᠯᠬᠤ᠂ ᠬᠠᠮᠢᠶᠠᠷᠴᠤ | ᠬᠠᠮᠠᠭᠠᠯᠠᠬᠤ᠂ ᠠᠰᠢᠭᠯᠠᠬᠤ︾ ᠵᠡᠷᠭᠡ ᠠᠵᠢᠯ ᠤᠨ ᠶᠠᠪᠤᠴᠠ ᠨᠢᠭᠡᠪᠦᠷᠢ ᠶᠢ ᠨᠠᠷᠢᠯᠢᠬᠵᠢᠭᠤᠯᠵᠤ᠂ ᠳᠡᠭᠡᠳᠦ ᠱᠠᠲᠤᠨ ᠤ | ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠭᠰᠡᠨ᠂ ᠲᠥᠷᠥᠯ ᠵᠦᠢᠯ ᠤᠨ ᠬᠦᠭᠵᠢᠯᠲᠡ ᠳᠤ ᠠᠰᠢᠭᠲᠠᠢ᠂ ᠠᠷᠠᠳ | ᠣᠯᠠᠨ ᠤ ᠣᠷᠣᠯᠭ᠎ᠠ ᠶᠢᠨ ᠨᠡᠮᠡᠭᠳᠡᠯ ᠢ ᠪᠠᠲᠤᠯᠠᠭᠰᠠᠨ ᠪᠠᠶᠢᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠤᠳᠤᠷᠢᠳᠬᠤ ᠪᠠᠭ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠡᠷ ᠪᠦᠬᠦ ᠲᠠᠯ᠎ᠠ ᠶᠢᠨ ᠬᠠᠷᠠᠯᠲᠠ ᠡᠭᠦᠷᠭᠡ ᠶᠢ ᠲᠣᠭᠲᠠᠭᠠᠵᠤ᠂ ᠲᠠᠪᠤᠨ ᠶᠡᠭᠡ ᠡᠭᠦᠷᠭᠡ᠂ ᠵᠢᠷᠭᠤᠭᠠᠨ | ᠢᠨᠵᠧᠨᠧᠷᠢᠩ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ᠂ ᠡᠯᠡᠰᠦ ᠶᠢ ᠰᠡᠷᠭᠡᠶᠢᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ | ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠬᠢᠭᠤᠯᠵᠤ᠂ ᠪᠦᠬᠦ | ᠵᠢᠯ ᠤᠨ ᠬᠠᠷᠠᠯᠲᠠ ᠡᠭᠦᠷᠭᠡ ᠪᠠᠨ ᠵᠠᠪᠠᠯ ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | | |