2024 ᠣᠨ ᠤ ᠬᠤᠶᠠᠳᠤᠭᠠᠷ ᠤᠳᠠᠭᠠᠨ ᠤ ᠬᠤᠰᠢᠭᠤᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/20
      9 ᠰᠠᠷ᠎ᠠ ᠶᠢᠨ 19 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠦᠩᠬᠡ 2024 ᠣᠨ ᠤ ᠬᠤᠶᠠᠳᠤᠭᠠᠷ ᠤᠳᠠᠭᠠᠨ ᠤ ᠬᠤᠰᠢᠭᠤᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠂ ᠭᠤᠤ ᠶᠦᠩ ᠡᠤ᠂ ᠾᠧᠦ ᠭᠦᠸᠧ ᠵᠢᠩ᠂ ᠸᠠᠩ ᠵᠢᠶᠦ᠋ᠨ ᠵᠢᠶᠦ᠋ᠨ᠂ ᠵᠠᠩ ᠵᠢᠦ ᠫᠥᠸᠧ᠂ ᠳ᠋ᠠᠢ ᠢᠦᠢ ᠬᠤᠸᠠ᠂ ᠯᠢ ᠬᠤᠢ᠂ ᠸᠠᠩ ᠶᠦᠩ ᠯᠢ᠂ ᠳᠤᠪᠳᠤᠨᠰᠡᠩᠭᠡ ᠬᠤᠷᠠᠯ ᠳᠤ ᠣᠷᠣᠯᠴᠠᠪᠠ᠃       ᠬᠤᠷᠠᠯ ᠠᠴᠠ᠂ ᠡᠯ᠎ᠡ ᠤᠯᠤᠰ ᠤᠨ ᠦᠮᠴᠢᠯᠡᠯᠲᠦ ᠠᠵᠤ ᠠᠬᠤᠶᠢᠯᠠᠯ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠠ ᠭᠤᠤᠯ ᠠᠵᠢᠯ ᠤᠨ ᠲᠣᠭᠤᠷᠢᠨ ᠳᠤ ᠵᠠᠬ᠎ᠠ ᠳᠡᠯᠭᠡᠭᠦᠷᠴᠢᠯᠡᠯᠲᠡ ᠶᠢ ᠪᠠᠷᠢᠮᠲᠠᠯᠠᠵᠤ᠂ ᠬᠠᠮᠢᠶᠠᠷᠤᠯᠲᠠ ᠪᠠᠨ ᠵᠢᠷᠤᠮᠵᠢᠭᠤᠯᠤᠨ᠂ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ᠂ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠦᠨ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ᠂ ᠥᠷᠢᠰᠥᠯᠳᠦᠬᠦ ᠬᠦᠴᠦᠨ ᠢᠶᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠨᠢᠭᠡᠴᠡ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢ ᠶᠡᠬᠡᠪᠡᠷ ᠳᠠᠮᠵᠢᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃       ᠬᠤᠷᠠᠯ ᠠᠴᠠ ᠬᠤᠰᠢᠭᠤᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ 2023 ᠣᠨ ᠤ ᠬᠢᠨᠠᠨ ᠰᠢᠯᠭᠠᠯᠲᠠ ᠶᠢᠨ ᠪᠠᠶᠢᠳᠠᠯ ᠪᠤᠯᠤᠨ 2024 ᠣᠨ ᠤ ᠡᠵᠡᠩᠨᠡᠯᠲᠡ ᠶᠢᠨ ᠪᠦᠲᠦᠮᠵᠢ ᠶᠢ ᠬᠢᠨᠠᠨ ᠰᠢᠯᠭᠠᠬᠤ ᠬᠠᠷᠠᠯᠲᠠ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号