ᠣᠩᠨᠢᠭᠤᠳ ᠬᠤᠰᠢᠭᠤᠨ ᠤ ᠢᠦᠢ ᠯᠦᠩ ᠲᠠᠷᠢᠶᠠᠨ ᠦᠷ᠎ᠡ ᠶᠢᠨ ᠬᠢᠵᠠᠭᠠᠷᠲᠤ ᠺᠣᠮᠫᠠᠨᠢ 2024 ᠣᠨ ᠤ ᠡᠵᠡᠩᠨᠡᠨ ᠪᠤᠷᠤᠯᠠᠭᠤᠯᠤᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/24
       9 ᠰᠠᠷ᠎ᠠ ᠶᠢᠨ 23 ᠤ ᠡᠳᠦᠷ᠂ ᠣᠩᠨᠢᠭᠤᠳ ᠬᠤᠰᠢᠭᠤᠨ ᠤ ᠢᠦᠢ ᠯᠦᠩ ᠲᠠᠷᠢᠶᠠᠨ ᠦᠷ᠎ᠡ ᠶᠢᠨ ᠬᠢᠵᠠᠭᠠᠷᠲᠤ ᠺᠣᠮᠫᠠᠨᠶ 2024 ᠣᠨ ᠤ ᠡᠵᠡᠩᠨᠡᠨ ᠪᠤᠷᠤᠯᠠᠭᠤᠯᠤᠭᠴᠢᠳ ᠤᠨ ᠬᠤᠷᠠᠯ ᠮᠠᠨ ᠤ ᠬᠤᠰᠢᠭᠤᠨ ᠳᠤ ᠶᠠᠪᠤᠭᠳᠠᠵᠤ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 90 ᠭᠠᠷᠤᠶ ᠠᠵᠤ ᠠᠬᠤᠶᠢᠯᠠᠯ ᠪᠤᠯᠤᠨ ᠡᠵᠡᠩᠨᠡᠨ ᠪᠤᠷᠤᠯᠠᠭᠤᠯᠤᠭᠴᠢ ᠶᠢᠨ ᠲᠦᠯᠥᠭᠡᠯᠡᠭᠴᠢᠳ ᠨᠢᠭᠡ ᠲᠢᠩᠬᠢᠮ ᠳᠤ ᠴᠤᠭᠯᠠᠷᠠᠨ᠂ ᠲᠠᠷᠢᠶᠠᠨ ᠦᠷ᠎ᠡ ᠶᠢᠨ ᠠᠵᠤ ᠥᠢᠯᠡᠰ ᠤᠨ ᠬᠦᠭᠵᠢᠯᠲᠡ ᠶᠢ ᠶᠠᠷᠢᠯᠴᠠᠭᠰᠠᠨ ᠪᠠᠶᠢᠨ᠎ᠠ᠃ ᠯᠢᠨ ᠬᠤ᠋ ᠬᠤᠷᠠᠯ ᠳᠤ ᠣᠷᠣᠯᠴᠠᠵᠤ ᠪᠠᠶᠠᠷ ᠬᠦᠷᠭᠡᠪᠡ᠃        ᠬᠤᠷᠠᠯ ᠳᠡᠭᠡᠷ᠎ᠡ᠂ ᠣᠩᠨᠢᠭᠤᠳ ᠬᠤᠰᠢᠭᠤᠨ ᠤ ᠢᠦᠢ ᠯᠦᠩ ᠲᠠᠷᠢᠶᠠᠨ ᠦᠷ᠎ᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠯᠢ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢᠶᠠᠨ ᠲᠠᠨᠢᠯᠴᠠᠭᠤᠯᠵᠤ᠂ ᠯᠢᠨ ᠬᠤ᠋ ᠵᠡᠷᠭᠡ ᠤᠳᠤᠷᠢᠳᠤᠯᠭ᠎ᠠ ᠰᠢᠯᠢᠳᠡᠭ ᠡᠵᠡᠩᠨᠡᠨ ᠪᠤᠷᠤᠯᠠᠭᠤᠯᠤᠭᠴᠢᠳ ᠲᠤ ᠱᠠᠩᠨᠠᠯ ᠭᠠᠷᠳᠠᠭᠤᠯᠤᠭᠰᠠᠨ ᠤ ᠬᠠᠮᠲᠤ ᠰᠢᠯᠢᠳᠡᠭ ᠡᠵᠡᠩᠨᠡᠨ ᠪᠤᠷᠤᠯᠠᠭᠤᠯᠤᠭᠴᠢᠳ ᠤᠨ ᠲᠥᠯᠥᠭᠡᠯᠡᠭᠴᠢ ᠠᠴᠠ ᠪᠣᠷᠣᠯᠠᠭᠤᠯᠭ᠎ᠠ ᠶᠢᠨ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ 2024 ᠤᠨ ᠠᠴᠠ 2025 ᠣᠨ ᠪᠤᠯᠲᠠᠯᠠᠬᠢ ᠬᠤᠯᠪᠣᠭᠳᠠᠯ ᠪᠦᠬᠦᠢ ᠪᠣᠷᠣᠯᠠᠭᠤᠯᠭ᠎ᠠ ᠶᠢᠨ ᠲᠦᠷᠦ ᠶᠢᠨ ᠪᠤᠳᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠵᠤ᠂ ᠡᠯ᠎ᠡ ᠭᠠᠵᠠᠷ ᠤᠨ ᠡᠵᠡᠩᠨᠡᠨ ᠪᠤᠷᠤᠯᠠᠭᠤᠯᠤᠭᠴᠢᠳ ᠢᠳᠡᠪᠬᠢᠲᠡᠢ ᠵᠦᠪᠳᠡᠯᠴᠡᠨ ᠪᠠᠷᠠᠭ᠎ᠠ ᠵᠠᠬᠢᠶᠠᠯᠠᠵᠤ᠂ ᠲᠤᠬᠠᠢ ᠶᠢᠨ ᠲᠠᠯᠠᠪᠠᠢ ᠶᠢᠨ ᠶᠡᠷᠦᠩᠬᠡᠢ ᠪᠠᠷᠠᠭ᠎ᠠ ᠵᠠᠬᠢᠶᠠᠯᠠᠭᠰᠠᠨ ᠵᠣᠭᠤᠰ ᠤᠨ ᠲᠤᠭ᠎ᠠ 700 ᠲᠦᠮᠡᠨ ᠲᠦᠭᠦᠷᠢᠭ ᠢ ᠳᠠᠪᠠᠭᠰᠠᠨ ᠪᠠᠶᠢᠨ᠎ᠠ᠃        ᠳᠠᠷᠠᠭᠠᠴᠢ ᠶᠢᠨ ᠠᠯᠬᠤᠮ ᠳᠤ᠂ ᠣᠩᠨᠢᠭᠤᠳ ᠬᠤᠰᠢᠭᠤᠨ ᠤ ᠢᠦᠢ ᠯᠦᠩ ᠲᠠᠷᠢᠶᠠᠨ ᠦᠷ᠎ᠡ ᠶᠢᠨ ᠬᠢᠵᠠᠭᠠᠷᠲᠤ ᠺᠣᠮᠫᠠᠨᠢ ᠨᠢ ᠦᠢᠯᠡᠳᠬᠦᠨ ᠤ ᠰᠢᠨᠵᠢᠯᠡᠭᠡ ᠮᠡᠷᠭᠡᠵᠢᠯ ᠢ ᠰᠤᠳᠤᠯᠤᠨ ᠨᠡᠭᠡᠭᠡᠬᠦ ᠡᠷᠴᠢᠮ ᠢᠶᠠᠨ ᠤᠯᠠᠮ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠭᠰᠡᠨ ᠨᠡᠩ ᠤᠯᠠᠨ ᠰᠢᠨ᠎ᠡ ᠦᠢᠯᠡᠳᠬᠦᠨ ᠢ ᠨᠡᠬᠡᠭᠡᠨ ᠬᠦᠭᠵᠢᠭᠦᠯᠵᠦ᠂ ᠬᠥᠳᠡᠭᠡ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号