ᠣᠩᠨᠢᠭᠤᠳ ᠬᠤᠰᠢᠭᠤᠨ ᠤ ᠨᠠᠮᠤᠷ ᠤᠨ ᠤᠯᠠᠷᠢᠯ ᠤᠨ ᠲᠣᠰᠬᠤᠨ ᠤ ᠦᠳᠡᠰᠢᠯᠡᠭᠡ ᠶᠡᠭᠡ ᠭᠥᠩ ᠪᠠᠯᠭᠠᠰᠤᠨ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/9/24
       9 ᠰᠠᠷ᠎ᠠ ᠶᠢᠨ 21 ᠤ ᠡᠳᠦᠷ᠂ ᠣᠩᠨᠢᠭᠤᠳ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠶᠡᠭᠡ ᠬᠦᠩ ᠪᠠᠯᠭᠠᠰᠤᠨ ᠤ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠵᠦ᠂ ᠣᠩᠨᠢᠭᠤᠳ ᠬᠤᠰᠢᠭᠤᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ᠣᠩᠨᠢᠭᠤᠳ ᠬᠤᠰᠢᠭᠤᠨ ᠤ ᠨᠠᠮᠤᠷ ᠤᠨ ᠤᠯᠠᠷᠢᠯ ᠤᠨ ᠲᠣᠰᠬᠤᠨ ᠤ ᠦᠳᠡᠰᠢᠯᠡᠭᠡ ᠵᠢᠴᠢ ᠶᠡᠭᠡ ᠭᠥᠩ ᠪᠠᠯᠭᠠᠰᠤᠨ ᠤ ᠨᠦᠢᠯ ᠪᠤᠭᠤᠳᠠᠶ ᠶᠢᠨ ᠡᠯᠪᠡᠭ ᠬᠤᠷᠢᠶᠠᠯᠲᠠ ᠶᠢᠨ ᠪᠠᠶᠠᠷ ᠶᠡᠭᠡ ᠭᠦᠩ ᠪᠠᠯᠭᠠᠰᠤᠨ ᠳᠤ ᠦᠪᠡᠳᠡᠭᠰᠢ ᠶᠡᠭᠡ ᠪᠠᠷ ᠶᠠᠪᠤᠭᠳᠠᠪᠠ᠃       ᠲᠣᠰ ᠦᠳᠡᠰᠢᠯᠡᠭᠡ ᠨᠢ ︽ᠡᠯᠪᠡᠭ ᠬᠤᠷᠢᠶᠠᠯᠲᠠ︾ ᠪᠠᠷ ᠭᠤᠤᠯ ᠰᠡᠳᠦᠪ ᠪᠣᠯᠭᠠᠵᠤ᠂ ᠣᠯᠠᠨ ᠲᠦᠮᠡᠨ ᠤ ᠥᠪᠡᠰᠦᠪᠡᠨ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ᠤᠷᠠᠨ ᠰᠠᠶᠢᠬᠠᠨ ᠤ ᠲᠣᠭᠯᠠᠯᠲᠠ ᠪᠠᠷ ᠭᠤᠤᠯ ᠠᠭᠤᠯᠭ᠎ᠠ ᠪᠣᠯᠭᠠᠨ᠂ ︽ᠬᠥᠭᠵᠢᠯ ᠪᠠᠳᠠᠷᠠᠯ ᠤᠨ ᠳᠠᠭᠤᠤ︾ ᠭᠡᠬᠦ ᠪᠦᠵᠢᠭ ᠢᠶᠠᠷ ᠡᠬᠢᠯᠡᠯᠲᠡ ᠶᠢᠨ ᠬᠦᠰᠢᠭᠡ ᠪᠠᠨ ᠢᠷᠠᠵᠤ᠂ ︽ᠲᠠᠯ᠎ᠠ ᠨᠤᠲᠤᠭ ᠲᠠᠨ ᠢ ᠬᠦᠯᠢᠶᠡᠵᠦ ᠪᠠᠶᠢᠨ᠎ᠠ︾᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠵᠡᠷᠭᠡ ᠭᠤᠴᠤ ᠰᠠᠶᠢᠬᠠᠨ ᠳᠠᠭᠤᠤ ᠪᠦᠵᠢᠭ᠂ ᠰᠢ ᠵᠦᠴᠦᠭᠡ ᠶᠢᠨ ᠲᠤᠭᠯᠠᠯᠲᠠ ᠪᠠᠷ ᠢᠶᠠᠨ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠨ ᠢᠯᠡᠳᠭᠡᠭᠰᠡᠨ ᠪᠠᠶᠢᠨ᠎ᠠ᠃        ᠲᠣᠰ ᠤᠳᠠᠭᠠᠨ ᠤ ᠠᠵᠢᠯᠯᠠᠭ᠎ᠠ ᠳᠤ ᠪᠠᠨ ᠪᠠᠰᠠ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠥᠯᠭᠡ ᠡᠷᠬᠢᠯᠡᠵᠦ᠂ ᠨᠦᠢᠯ ᠪᠤᠭᠤᠳᠠᠢ ᠶᠢᠨ ᠪᠦᠲᠦᠭᠡᠭᠳᠡᠬᠦᠨ᠂ ᠠᠭᠤᠯᠠᠷᠬᠠᠭ ᠭᠠᠵᠠᠷ ᠤᠨ ᠨᠠᠷᠢᠮᠤ᠂ ᠰᠠᠭᠠᠭ ᠤᠨ ᠭᠤᠯᠢᠷ ᠵᠡᠷᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠤᠯᠠᠨ ᠳᠤ ᠤᠬᠠᠭᠤᠯᠤᠨ ᠲᠠᠨᠢᠯᠴᠠᠭᠤᠯᠵᠠᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号