ᠡᠷᠳᠡᠨᠢ ᠰᠢᠰᠢ ᠶᠢᠨ ᠤᠨᠠᠯᠲᠠ ᠶᠢ ᠳᠡᠭᠡᠭᠰᠢᠯᠡᠭᠦᠯᠵᠦ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠳᠡᠯᠭᠡᠨ ᠪᠣᠷᠣᠯᠠᠭᠤᠯᠬᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/9/24
       9 ᠰᠠᠷ᠎ᠠ ᠶᠢᠨ 20 ᠤ ᠡᠳᠦᠷ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠡᠷᠳᠡᠨᠢ ᠰᠢᠰᠢ ᠶᠢᠨ ᠨᠢᠭᠡᠴᠢ ᠤᠨᠠᠯᠲᠠ ᠶᠢ ᠳᠡᠭᠡᠭᠰᠢᠯᠡᠭᠦᠯᠦᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠳᠡᠯᠭᠡᠨ ᠪᠣᠷᠣᠯᠠᠭᠤᠯᠬᠤ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠵᠡᠷᠭᠡ ᠰᠢᠷᠢᠰ ᠠᠵᠢᠯᠯᠠᠭ᠎ᠠ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠰᠢᠨᠵᠢᠯᠡᠭᠡ ᠮᠡᠷᠭᠡᠵᠢᠯ ᠢ ᠳᠡᠯᠭᠡᠷᠡᠭᠦᠯᠬᠦ ᠲᠥᠪ ᠤᠨ ᠳᠠᠷᠤᠭ᠎ᠠ ᠯᠢ ᠪᠦᠦ ᠳ᠋ᠦᠩ ᠪᠤᠯᠤᠨ ᠬᠤᠰᠢᠭᠤᠨ ᠤ ᠤᠳᠤᠷᠢᠳᠤᠯᠭ᠎ᠠ ᠯᠤᠸᠠᠨ ᠱᠸᠤ ᠡᠤ᠂ ᠴᠠᠭᠠᠨᠪᠠᠭᠠᠲᠤᠷ᠂ ᠰᠠᠶᠢᠨᠪᠠᠲᠤ ᠨᠠᠷ ᠠᠵᠢᠯᠯᠠᠭ᠎ᠠ ᠳᠤ ᠣᠷᠣᠯᠴᠠᠵᠠᠶ᠃        ᠲᠤᠰ ᠤᠳᠠᠭᠠᠨ ᠤ ᠠᠵᠢᠯᠯᠠᠭ᠎ᠠ ᠳᠤ᠂ ᠲᠠᠷᠢᠮᠠᠯ ᠤᠨ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠᠷ ᠭᠠᠷᠳᠠᠴᠠ ᠴᠡᠭ ᠪᠣᠯᠭᠠᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠬᠤ ᠪᠠᠷ ᠭᠤᠣᠯ ᠠᠭᠤᠯᠭ᠎ᠠ ᠪᠤᠯᠭᠠᠨ᠂ ᠲᠤᠬᠠᠶ ᠶᠢᠨ ᠲᠠᠯᠠᠪᠠᠢ ᠳᠤ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠴᠤᠭᠯᠠᠭᠠᠨ ᠳᠡᠭᠡᠷ᠎ᠡ᠂ ᠵᠦᠩ ᠨᠦᠩ ᠪᠦᠯᠦᠭᠯᠡᠯ᠂ ᠴᠠᠩ ᠠᠨ ᠪᠦᠯᠦᠭᠯᠡᠯ ᠵᠡᠷᠭᠡ ᠤᠯᠠᠨ ᠡᠵᠡᠩᠨᠡᠨ ᠪᠣᠷᠣᠯᠠᠭᠤᠯᠬᠤ ᠠᠷᠠᠯᠵᠢᠶᠠᠴᠢᠨ ᠪᠣᠯᠤᠨ ᠡᠯᠧᠺᠲᠷᠣᠨ ᠬᠤᠳᠠᠯᠳᠤᠭᠠᠨ ᠤ ᠲᠠᠪᠴᠠᠩ ᠣᠷᠣᠯᠴᠠᠵᠤ᠂ ᠲᠤᠬᠠᠢ ᠶᠢᠨ ᠭᠠᠵᠠᠷ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠲᠠᠷᠢᠶᠠᠯᠠᠩ ᠤᠨ ᠮᠠᠰᠢᠨ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠵᠡᠷᠭᠡ ᠶᠢ ᠳᠡᠯᠭᠡᠨ ᠦᠵᠡᠭᠦᠯᠬᠦ ᠪᠠᠷ ᠳᠠᠮᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠪᠡ᠃       ᠲᠣᠰ ᠤᠳᠠᠭᠠᠨ ᠤ ᠠᠵᠢᠯᠯᠠᠭ᠎ᠠ ᠨᠢ 9 ᠰᠠᠷ᠎ᠠ ᠶᠢᠨ 21 ᠠᠴᠠ 25 ᠤ ᠡᠳᠦᠷ ᠪᠤᠯᠲᠠᠯ᠎ᠠ ᠶᠠᠪᠤᠭᠳᠠᠵᠤ᠂ ᠭᠤᠤᠯᠳᠠᠭᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠴᠤᠭᠯᠠᠭᠠᠨ᠂ ᠲᠠᠷᠢᠶᠠᠯᠠᠩ ᠤᠨ ᠮᠡᠷᠭᠡᠵᠢᠯ ᠤᠨ ᠰᠣᠯᠢᠯᠴᠠᠭᠠᠨ ᠤ ᠬᠤᠷᠠᠯ᠂ ᠡᠷᠳᠡᠨᠢ ᠰᠢᠰᠢ ᠶᠢᠨ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠳᠠᠯᠢᠳᠬᠠᠨ ᠰᠢᠯᠭᠠᠷᠠᠭᠤᠯᠤᠯᠲᠠ ᠵᠡᠷᠭᠡ ᠠᠭᠤᠯᠭ᠎ᠠ ᠪᠠᠭᠲᠠᠨ᠎ᠠ᠃ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠥᠷᠭᠡᠨ ᠣᠯᠠᠨ ᠮᠠᠯᠴᠢᠨ ᠲᠠᠷᠢᠶᠠᠴᠢᠨ ᠳᠤ ᠠᠷᠭ᠎ᠠ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠲᠠᠪᠴᠠᠩ ᠬᠠᠩᠭᠠᠨ᠂ ᠦᠢᠯᠡᠳᠬᠦᠨ ᠤ ᠳᠡᠯᠭᠡᠨ ᠦᠵᠡᠭᠦᠯᠭᠡ ᠪᠤᠯᠤᠨ ᠪᠤᠷᠤᠯᠠᠭᠤᠯᠭ᠎ᠠ ᠶᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号