ᠮᠠᠨ ᠤ ᠬᠤᠰᠢᠭᠤ ᠲᠤᠭ᠎ᠠ ᠪᠦᠷᠢᠳᠬᠡᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/24
        9 ᠰᠠᠷ᠎ᠠ ᠶᠢᠨ 20 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠠᠭᠠᠨᠬᠠᠳᠠ ᠬᠤᠲᠠ ᠶᠢᠨ ᠪᠠᠶᠢᠴᠠᠭᠠᠬᠤ ᠠᠩᠭᠢ ᠪᠤᠯᠤᠨ ᠣᠩᠨᠢᠭᠤᠳ ᠬᠤᠰᠢᠭᠤᠨ ᠤ ᠪᠠᠶᠢᠴᠠᠭᠠᠬᠤ ᠠᠩᠭᠢ ᠬᠠᠮᠲᠤᠷᠠᠨ ᠠᠷᠪᠠᠨ ᠲᠠᠪᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡᠲᠦ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠤᠯᠠᠭᠠᠨᠬᠠᠳᠠ ᠬᠤᠲᠠ ᠶᠢᠨ ᠤᠯᠤᠰ ᠤᠨ ᠪᠠᠶᠢᠴᠠᠭᠠᠯᠲᠠ ᠶᠢᠨ ᠠᠩᠭᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠦ ᠵᠢᠦ ᠲᠢᠶᠠᠨ᠂ ᠬᠤᠰᠢᠭᠤᠨ ᠳᠡᠳ᠋ ᠳᠠᠷᠤᠭ᠎ᠠ ᠵᠠᠩ ᠴᠢᠶᠠᠩ ᠠᠵᠢᠯᠯᠠᠭ᠎ᠠ ᠳᠤ ᠣᠷᠣᠯᠴᠠᠵᠠᠶ᠃        ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠲᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ ᠪᠠᠷ ᠳᠠᠮᠵᠢᠭᠤᠯᠤᠨ᠂ ᠣᠯᠠᠨ ᠲᠦᠮᠡᠨ ᠳᠤ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠮᠡᠳᠡᠯᠭᠡ ᠪᠠ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠤᠬᠠᠭᠤᠯᠤᠨ ᠲᠦᠭᠡᠮᠡᠯᠵᠢᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号