ᠸᠠᠨ ᠴᠤᠤ ᠴᠢ ᠮᠠᠨ ᠤ ᠬᠤᠰᠢᠭᠤᠨ ᠳᠤ ᠢᠷᠡᠵᠦ ᠲᠠᠷᠢᠶᠠᠯᠠᠩ ᠦᠢᠯᠡᠳᠪᠦᠷᠢᠯᠡᠯ ᠤᠨ ᠠᠵᠢᠯ ᠢ ᠪᠠᠶᠢᠴᠠᠭᠠᠨ  ᠰᠣᠳᠤᠯᠪᠠ
ᠨᠡᠶᠢᠲᠡᠯᠡᠭᠰᠡᠨ ᠴᠠᠭ᠄
2024/9/24
       9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠮᠠᠨ ᠤ ᠬᠤᠰᠢᠭᠤᠨ ᠳᠤ ᠢᠷᠡᠵᠦ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃       ᠸᠠᠨ ᠴᠤᠤ ᠴᠢ ᠤᠷᠢᠳ ᠬᠤᠵᠢᠳ ᠴᠢᠶᠣᠤ ᠳᠧᠦ ᠪᠠᠯᠭᠠᠰᠤᠨ ᠤ ᠼᠦᠢ ᠵᠢᠶᠠ ᠶᠢᠩ ᠲᠣᠰᠬᠤᠨ᠂ ᠮᠠ ᠵᠢᠶᠠ ᠽᠢ ᠲᠣᠰᠬᠤᠨ ᠪᠣᠯᠤᠨ ᠦᠳᠡ ᠶᠢᠨ ᠬᠤᠸᠠ ᠪᠠᠯᠭᠠᠰᠤᠨ ᠤ ᠱᠤᠸᠠᠩ ᠯᠢᠩ ᠲᠣᠰᠬᠤᠨ᠂ ᠫᠠᠨ ᠵᠢᠶᠠ ᠸᠧ ᠫᠦ᠋ ᠲᠣᠰᠬᠤᠨ ᠵᠡᠷᠭᠡ ᠭᠠᠵᠠᠷ ᠤᠳ ᠳᠤ ᠬᠦᠷᠴᠦ᠂ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠢᠳᠡᠰᠢᠨ ᠨᠣᠭᠤᠭ᠎ᠠ ᠶᠢᠨ ᠪᠤᠷᠤᠯᠠᠭᠤᠯᠭ᠎ᠠ ᠶᠢᠨ ᠪᠠᠶᠢᠳᠠᠯ ᠪᠤᠯᠤᠨ ᠦᠨ᠎ᠡ ᠬᠠᠩᠰᠢ ᠶᠢᠨ ᠬᠠᠨᠳᠤᠰᠢ ᠵᠡᠷᠭᠡ ᠲᠠᠯ᠎ᠠ ᠪᠠᠷ ᠨᠠᠷᠢᠯᠢᠭ ᠠᠰᠠᠭᠤᠨ ᠣᠶᠢᠯᠠᠭᠠᠪᠠ᠃ᠼᠦᠢ ᠵᠢᠶᠠ ᠶᠢᠩ ᠲᠣᠰᠬᠤᠨ ᠳᠤ᠂ ᠸᠠᠨ ᠴᠤᠤ ᠴᠢ ᠲᠠᠷᠢᠶᠠᠴᠢᠨ ᠡᠷᠦᠬᠡ ᠳᠤ ᠭᠦᠨᠵᠡᠭᠡᠶᠢᠷᠡᠵᠦ᠂ ᠡᠨᠡ ᠵᠢᠯ ᠤᠨ ᠠᠮᠤ ᠪᠤᠳᠠᠭ᠎ᠠ ᠲᠠᠷᠢᠭᠰᠠᠨ ᠲᠠᠯᠠᠪᠠᠶ᠂ ᠨᠢᠭᠡᠴᠢ ᠶᠢᠨ ᠤᠨᠠᠯᠲᠠ ᠪᠠ ᠵᠢᠱᠢᠭᠰᠡᠨ ᠠᠰᠢᠭ ᠣᠯᠵᠠᠪᠤᠷᠢ ᠶᠢ ᠠᠰᠠᠭᠤᠵᠤ᠂ ᠲᠤᠬᠠᠶ ᠶᠢᠨ ᠭᠠᠵᠠᠷ ᠤᠨ ᠬᠢᠨ ᠢ ᠬᠦᠴᠢᠷᠳᠡᠯᠲᠡᠶ ᠣᠯᠠᠨ ᠲᠦᠮᠡᠨ ᠢ ᠢᠯᠡᠭᠦᠬᠡᠨ ᠬᠠᠯᠠᠮᠵᠢᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠦᠳᠡ ᠶᠢᠨ ᠬᠤᠸᠠ ᠪᠠᠯᠭᠠᠰᠤᠨ ᠤ ᠬᠤᠸᠠ ᠴᠧᠩ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠳᠤ᠂ ᠲᠡᠷᠡ ᠡᠨᠡ ᠵᠢᠯ ᠤᠨ ᠨᠠᠷᠢᠮᠤ ᠶᠢᠨ ᠵᠠᠬ᠎ᠠ ᠳᠡᠯᠭᠡᠭᠦᠷ ᠤᠨ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃        ᠸᠠᠨ ᠴᠤᠤ ᠴᠢ ᠴᠢᠩᠭᠠᠳᠬᠠᠭᠰᠠᠨ ᠨᠢ᠂ ᠡᠯ᠎ᠡ ᠱᠠᠲᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠨᠠᠮᠤᠷ ᠤᠨ ᠬᠤᠷᠢᠶᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠭᠠᠮᠰᠢᠭᠲᠤ ᠴᠠᠭ ᠠᠭᠤᠷ ᠢ ᠬᠢᠨᠠᠨ ᠬᠡᠮᠵᠢᠵᠦ ᠰᠡᠷᠭᠡᠶᠢᠯᠡᠨ ᠠᠷᠭᠠᠴᠠᠭᠠᠬᠤ ᠪᠠᠨ ᠴᠢᠩᠭᠠᠳᠬᠠᠨ᠂ ᠤᠨᠠᠯᠲᠠ ᠶᠢ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠂ ᠲᠡᠷᠢᠭᠦᠨ ᠤ ᠲᠠᠷᠢᠮᠠᠯ ᠤᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠠᠮᠤ ᠪᠤᠳᠠᠭᠠᠨ ᠤ ᠤᠨᠠᠯᠲᠠ ᠪᠣᠯᠤᠨ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠳᠠ ᠶᠢᠨ ᠣᠶᠢᠷ᠎ᠠ ᠲᠡᠭᠦᠷᠭᠡ ᠶᠢᠨ ᠠᠵᠤ ᠠᠬᠤᠢ ᠶᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠲᠦᠷᠭᠡᠳᠬᠡᠨ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠶᠠᠩ ᠪᠠᠯᠭᠠᠰᠤᠨ ᠤ ᠠᠵᠤ ᠠᠬᠤᠢ ᠶᠢᠨ ᠪᠣᠳᠠᠲᠤ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠢ ᠬᠦᠴᠦᠯᠡᠨ ᠡᠭᠦᠳᠴᠦ᠂ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠨᠥᠯᠥᠭᠡ ᠠᠴᠠ ᠪᠣᠯᠵᠣ᠂ ᠡᠨᠡ ᠵᠢᠯ ᠦᠬᠡᠷ ᠬᠤᠨᠢᠨ ᠤ ᠦᠨ᠎ᠡ ᠬᠠᠩᠰᠢ ᠶᠡᠬᠡᠪᠡᠷ ᠪᠠᠭᠤᠷᠠᠭᠠᠳ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠳᠤ ᠬᠦᠴᠢᠷᠲᠡᠶ ᠪᠠᠶᠢᠨ᠎ᠠ᠂ ᠬᠤᠲᠠ᠂ ᠬᠤᠰᠢᠭᠤ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠤᠪᠢᠷᠠᠯᠲᠠ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠠᠶᠢᠳᠠᠯ ᠳᠤ ᠨᠢ ᠵᠣᠬᠢᠴᠠᠭᠤᠯᠤᠨ ᠲᠡᠵᠢᠭᠡᠨ ᠦᠷᠡᠵᠢᠭᠦᠯᠬᠦ ᠪᠦᠲᠦᠴᠡ ᠳᠤ ᠨᠢ ᠲᠣᠬᠢᠷᠠᠭᠤᠯᠤᠯᠲᠠ ᠬᠢᠵᠦ᠂ ᠮᠠᠯ ᠤᠨ ᠶᠠᠰᠤ ᠴᠢᠨᠠᠷ ᠢ ᠰᠠᠶᠢᠵᠢᠷᠠᠭᠤᠯᠤᠨ᠂ ᠠᠰᠢᠭ ᠣᠷᠣᠯᠭ᠎ᠠ ᠶᠢ ᠨᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠡᠢ᠃       ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠤᠯᠤᠨ ᠬᠤᠰᠢᠭᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号