ᠬᠠᠶᠢᠯᠠᠰᠤ ᠪᠠᠯᠭᠠᠰᠤ ᠲᠤᠳᠤᠷᠭᠠᠨ ᠲᠠᠷᠢᠶᠠᠨ ᠳᠠᠭᠠᠨ ᠨᠠᠶᠢᠮᠠᠯᠵᠢ ᠲᠡᠵᠢᠭᠡᠨ ᠬᠤᠤᠰ ᠦᠷ᠎ᠡ ᠠᠰᠢᠭ ᠡᠭᠦᠳᠴᠦ ᠪᠠᠶᠢᠨ᠎ᠠ
ᠨᠡᠶᠢᠲᠡᠯᠡᠭᠰᠡᠨ ᠴᠠᠭ᠄
2024/9/26
        ᠣᠩᠨᠢᠭᠤᠳ ᠬᠤᠰᠢᠭᠤᠨ ᠤ ᠵᠡᠭᠦᠨ ᠬᠡᠰᠡᠭ ᠤᠨ ᠬᠠᠮᠤᠭ ᠤᠨ ᠶᠡᠭᠡ ᠤᠰᠤᠨ ᠲᠤᠲᠤᠷᠭ᠎ᠠ ᠶᠢᠨ ᠭᠤᠣᠯ ᠭᠠᠷᠤᠯᠲᠠ ᠶᠢᠨ ᠣᠷᠣᠨ ᠪᠤᠯᠬᠤ ᠬᠠᠶᠢᠯᠠᠰᠤ ᠪᠠᠯᠭᠠᠰᠤ ᠲᠤᠳᠤᠷᠭᠠᠨ ᠲᠠᠷᠢᠶᠠᠨ ᠳᠠᠭᠠᠨ ᠨᠠᠶᠢᠮᠠᠯᠵᠢ ᠲᠡᠵᠢᠭᠡᠬᠦ ᠠᠮᠢ ᠠᠬᠤᠢ ᠶᠢᠨ ᠲᠠᠷᠢᠶᠠᠯᠠᠩ ᠤᠨ ᠵᠠᠭᠪᠤᠷ ᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠨᠡᠬᠡᠭᠡᠭᠰᠡᠨ ᠪᠠᠶᠢᠨ᠎ᠠ᠃         ᠣᠩᠨᠢᠭᠤᠳ ᠬᠤᠰᠢᠭᠤᠨ ᠤ ᠬᠠᠶᠢᠯᠠᠰᠤ ᠪᠠᠯᠭᠠᠰᠤᠨ ᠤ ᠷᠦᠢ ᠴᠧᠨ ᠴᠤᠩ ᠰᠢᠨ ᠳᠠᠷᠢᠵᠤ ᠲᠡᠵᠢᠭᠡᠬᠦ ᠲᠤᠰᠬᠠᠶ ᠬᠤᠷᠰᠢᠶᠠᠵᠢᠯ ᠤᠨ 500 ᠮᠥ ᠳᠤᠲᠤᠷᠭᠠᠨ ᠲᠠᠷᠢᠶᠠᠨ ᠳᠤ ᠨᠠᠢᠮᠠᠯᠵᠢ ᠲᠡᠵᠢᠭᠡᠬᠦ ᠵᠢᠱᠢᠶ᠎ᠡ ᠦᠵᠡᠭᠦᠯᠬᠦ ᠲᠤᠭᠤᠷᠢᠭ ᠲᠤ ᠬᠦᠷᠬᠦ ᠳᠤ᠂ ᠬᠤᠷᠰᠢᠶᠠᠵᠢᠯ ᠤᠨ ᠬᠠᠷᠢᠭᠤᠴᠠᠯᠭᠠᠲᠠᠨ ᠶᠠᠭ ᠲᠠᠷᠢᠶᠠᠯᠠᠭ᠎ᠠ ᠶᠢᠨ ᠴᠠᠭ ᠢ ᠵᠠᠪᠳᠤᠨ᠂ ᠨᠠᠶᠢᠮᠠᠯᠵᠢ ᠲᠡᠵᠢᠭᠡᠭᠰᠡᠨ ᠲᠠᠷᠢᠶᠠᠨ ᠭᠠᠵᠠᠷ ᠤᠨ ᠢᠶᠠᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢᠨ ᠠᠵᠢᠯ ᠢ ᠱᠠᠯᠠᠪᠳᠠᠨ ᠬᠢᠵᠦ ᠪᠠᠶᠢᠭ᠎ᠠ ᠲᠠᠢ ᠲᠠᠭᠠᠷᠠᠯᠳᠤᠪᠠ᠃ ᠲᠠᠨᠢᠯᠴᠠᠭᠤᠯᠤᠭᠰᠠᠨ ᠢᠶᠠᠷ᠂ ᠡᠨᠡ ᠵᠢᠯ᠂ ᠬᠤᠷᠰᠢᠶᠠᠵᠢᠯ ᠨᠢ 9 ᠰᠠᠷ᠎ᠠ ᠶᠢᠨ 20 ᠤ ᠠᠴᠠ ᠲᠠᠷᠢᠶᠠᠨ ᠭᠠᠵᠠᠷ ᠲᠤ ᠲᠡᠵᠢᠭᠡᠭᠰᠡᠨ ᠨᠠᠢᠮᠠᠯᠵᠢ ᠪᠠᠨ ᠡᠬᠢᠯᠡᠨ ᠱᠦᠭᠦᠵᠦ᠂ ᠵᠢᠱᠢᠯᠲᠡ ᠪᠠᠷ ᠭᠠᠷᠤᠯᠲᠠ ᠨᠢ 1 ᠲᠦᠮᠡᠨ ᠵᠢᠩ ᠣᠷᠴᠢᠮ ᠬᠦᠷᠴᠦ᠂ 50 ᠲᠦᠮᠡᠨ ᠲᠥᠭᠦᠷᠢᠭ ᠤᠨ ᠠᠵᠤ ᠠᠬᠤᠶ ᠶᠢᠨ ᠦᠷ᠎ᠡ ᠠᠰᠢᠭ ᠢ ᠠᠪᠴᠢᠷᠠᠬᠤ ᠪᠣᠯᠤᠨ᠎ᠠ ᠭᠡᠵᠡᠢ᠃         ᠣᠶᠢᠷ᠎ᠠ ᠶᠢᠨ ᠵᠢᠯ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠤᠲᠤᠷᠭ᠎ᠠ ᠵᠢᠭᠠᠰᠤ ᠶᠢ ᠶᠡᠷᠦᠩᠬᠡᠶᠢᠯᠡᠨ ᠲᠠᠷᠢᠵᠤ ᠲᠡᠵᠢᠭᠡᠬᠦ ᠪᠠᠷ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠵᠢᠭᠠᠰᠤᠨ ᠦᠢᠯᠡᠰ ᠢ ᠬᠥᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠬᠦᠴᠦᠲᠡᠶ ᠠᠷᠭ᠎ᠠ ᠬᠡᠮᠵᠢᠶ᠎ᠡ ᠪᠣᠯᠭᠠᠵᠤ᠂ ᠳᠠᠷᠢᠵᠤ ᠲᠡᠵᠢᠭᠡᠬᠦ ᠮᠡᠷᠭᠡᠵᠢᠯ ᠤᠨ ᠵᠢᠯᠣᠭᠤᠳᠣᠯᠭ᠎ᠠ ᠶᠢ ᠦᠷᠭᠦᠯᠵᠢᠯᠡᠨ ᠴᠢᠩᠭᠠᠳᠬᠠᠵᠤ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠢ ᠶᠡᠬᠡᠪᠡᠷ ᠳᠡᠯᠭᠡᠷᠡᠭᠦᠯᠥᠭᠡᠳ᠂ ᠨᠢᠭᠡ ᠭᠠᠵᠠᠷ ᠠᠴᠠ ᠬᠤᠤᠰ ᠠᠰᠢᠭ ᠬᠦᠷᠳᠡᠬᠦ᠂ ᠨᠢᠭᠡ ᠤᠯᠠᠷᠢᠯ ᠳᠤ ᠣᠯᠠᠨ ᠬᠤᠷᠢᠶᠠᠯᠲᠠ ᠤᠯᠬᠤ ᠬᠡᠪ ᠵᠠᠭᠪᠤᠷ ᠢ ᠪᠤᠢ ᠪᠤᠯᠭᠠᠨ᠂ ᠲᠤᠲᠤᠷᠭ᠎ᠠ ᠶᠢᠨ ᠲᠠᠷᠢᠶᠠᠴᠢᠳ ᠲᠤ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠨᠡᠬᠡᠭᠡᠨ ᠦᠭᠴᠦ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号