ᠶᠡᠭᠡ ᠬᠦᠩ ᠪᠠᠯᠭᠠᠰᠤᠨ ᠤ ᠨᠦᠢᠯ ᠪᠤᠭᠤᠳᠠᠢ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2024/9/26
       ᠠᠯᠲᠠᠨ ᠨᠠᠮᠤᠷ ᠤᠨ ᠤᠯᠠᠷᠢᠯ ᠳᠤ ᠶᠡᠭᠡ ᠬᠦᠩ ᠪᠠᠯᠭᠠᠰᠤᠨ ᠤ ᠨᠦᠢᠯ ᠪᠤᠭᠤᠳᠠᠢ ᠪᠣᠯᠪᠠᠰᠤᠷᠠᠬᠤ ᠬᠤᠭᠤᠴᠠᠭᠠᠨ ᠳᠤ ᠪᠠᠨ ᠤᠷᠤᠵᠤ᠂ ᠥᠩᠭᠡ ᠢᠯᠭᠠᠷᠠᠨ ᠨᠠᠶᠢᠭᠤᠵᠤ᠂ ᠲᠣᠰᠣᠨ ᠪᠤᠳᠤᠭ ᠤᠨ ᠵᠢᠷᠤᠭ ᠰᠢᠭ᠋ ᠬᠠᠷᠠᠭᠳᠠᠨ᠎ᠠ᠃        ᠨᠦᠢᠯ ᠪᠤᠭᠤᠳᠠᠢ ᠶᠢᠨ ᠤᠭ ᠭᠠᠷᠤᠯᠲᠠ ᠶᠢᠨ ᠣᠷᠣᠨ ᠪᠣᠯ ᠡᠮᠦᠨᠡᠲᠦ ᠠᠮᠧᠷᠢᠺᠠ ᠲᠢᠪ ᠤᠨ ᠠᠨᠳᠤᠰ ᠠᠭᠤᠯᠠ ᠨᠢᠷᠤᠭᠤ ᠪᠣᠯᠤᠨ᠎ᠠ᠂ ᠣᠳᠣ ᠠᠴᠠ 5000 - 7000 ᠭᠠᠷᠤᠢ ᠵᠢᠯ ᠤᠨ ᠲᠠᠷᠢᠭᠰᠠᠨ ᠲᠡᠦᠬᠡ ᠲᠠᠢ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠤᠯᠤᠰ ᠤᠨ ᠱᠠᠨ ᠰᠢ᠂ ᠬᠥᠬᠡᠨᠠᠭᠤᠷ᠂ ᠬᠠᠷᠠᠮᠦ᠋ᠷᠡᠨ᠂ ᠭᠠᠨᠰᠦ᠂ ᠾᠧᠪᠧᠶ᠂ ᠲᠥᠪᠡᠳ᠂ ᠥᠪᠥᠷ ᠮᠣᠩᠭᠤᠯ᠂ ᠭᠦᠢᠵᠧᠦ ᠵᠡᠷᠭᠡ ᠭᠠᠵᠠᠷ ᠤᠳ ᠲᠤ ᠲᠠᠷᠢᠵᠤ ᠪᠤᠶ᠃         ᠨᠦᠢᠯ ᠪᠤᠭᠤᠳᠠᠢ ᠨᠢ ᠰᠢᠪᠲᠦᠷ ᠤᠨ ᠬᠦᠴᠢᠯ᠂ ᠡᠷᠦᠳᠡᠰᠦ ᠵᠡᠷᠭᠡ ᠡᠯᠪᠡᠭ ᠪᠠᠶᠠᠯᠢᠭ ᠰᠢᠮ᠎ᠡ ᠲᠡᠵᠢᠭᠡᠯ ᠤᠨ ᠪᠦᠷᠢᠯᠳᠦᠬᠦᠨ ᠠᠭᠤᠯᠤᠭᠳᠠᠵᠤ᠂ ︽ᠮᠠᠷᠢᠶ᠎ᠠ ᠪᠠᠨ ᠰᠢᠭᠤᠷᠠᠭᠤᠯᠤᠭᠴᠢ ᠬᠥᠮᠦᠰ︾ ᠪᠤᠯᠤᠨ ︽ᠪᠡᠶ᠎ᠡ ᠪᠠᠨ ᠴᠢᠭᠢᠷᠠᠭᠵᠢᠭᠤᠯᠤᠭᠴᠢ ᠬᠦᠮᠦᠰ︾ ᠤᠨ ᠬᠦᠷᠢᠶᠡᠯᠡᠯ ᠢ ᠶᠡᠬᠡᠲᠡ ᠣᠯᠵᠤ ᠪᠠᠶᠢᠨ᠎ᠠ᠃         ᠤᠶᠢᠷ᠎ᠠ ᠶᠢᠨ ᠵᠢᠯ ᠡᠬᠢᠯᠡᠨ᠂ ᠶᠡᠭᠡ ᠭᠦᠩ ᠪᠠᠯᠭᠠᠰᠤ ᠭᠠᠵᠠᠷ ᠣᠷᠣᠨ ᠤ ᠪᠠᠨ ᠪᠤᠳᠠᠲᠤ ᠪᠠᠶᠢᠳᠠᠯ ᠳᠤ ᠲᠤᠬᠢᠷᠠᠭᠤᠯᠤᠨ᠂ ᠨᠦᠢᠯ ᠪᠤᠭᠤᠳᠠᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠦᠬᠦ ᠪᠠᠯᠭᠠᠰᠤ ᠪᠠᠷ ᠢᠶᠠᠨ ᠨᠡᠶᠢᠳᠡ 2 ᠲᠦᠮᠡ 3 ᠮᠢᠩᠭᠠᠨ ᠮᠦ ᠨᠦᠢᠯ ᠪᠤᠭᠤᠳᠠᠢ ᠲᠠᠷᠢᠵᠦ᠂ ᠵᠢᠯ ᠳᠤ 4600 ᠲᠣᠨ ᠬᠤᠷᠢᠶᠠᠨ᠂ 900 ᠭᠠᠷᠤᠢ ᠲᠠᠷᠢᠶᠠᠴᠢᠨ ᠡᠷᠦᠬᠡ ᠶᠢ ᠰᠢᠭᠤᠳ ᠳᠠᠶᠢᠴᠢᠯᠠᠨ ᠨᠦᠢᠯ ᠪᠤᠭᠤᠳᠠᠢ ᠲᠠᠷᠢᠬᠤ ᠳᠤ ᠤᠷᠤᠯᠴᠠᠭᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号