| | ᠤᠳᠤᠬᠠᠨ ᠳᠤ ᠶᠠᠭ ᠰᠠᠶᠢᠬᠠᠨ ᠰᠤᠩᠬᠢᠨ᠎ᠠ ᠶᠢᠨ ᠡᠯᠪᠡᠭ ᠬᠤᠷᠢᠶᠠᠯᠲᠠ ᠶᠢᠨ ᠤᠯᠠᠷᠢᠯ ᠪᠤᠯᠵᠤ᠂ ᠲᠠᠷᠢᠶᠠᠨ | ᠭᠠᠵᠠᠷ ᠲᠤ ᠨᠣᠭᠤᠭᠠᠨ ᠰᠤᠩᠬᠢᠨ᠎ᠠ ᠬᠦᠪᠡᠭᠡ ᠵᠠᠬ᠎ᠠ ᠨᠢ ᠬᠠᠷᠠᠭᠳᠠᠬᠤ ᠦᠭᠡᠢ ᠵᠢᠭᠳᠡᠷᠡᠨ ᠨᠡᠯᠦ᠋ᠢᠭᠡᠳ᠂ | ᠲᠠᠷᠢᠶᠠᠴᠢᠳ ᠤᠨ ᠴᠢᠷᠠᠢ ᠳᠤ ᠪᠠᠶᠠᠷ ᠤᠨ ᠮᠦᠰᠢᠶᠡᠳᠦ ᠲᠤᠳᠤᠷᠠᠨ᠎ᠠ᠃ | ᠰᠢᠨᠡᠰᠦ᠋ᠮ᠎ᠡ ᠰᠤᠮᠤ ᠶᠢᠨ ᠪᠤᠶᠠᠨᠲᠠᠢ ᠭᠠᠴᠠᠭ᠎ᠠ ᠶᠢᠨ ᠰᠣᠩᠭᠢᠨ᠎ᠠ ᠶᠢᠨ ᠲᠠᠷᠢᠶᠠᠨ ᠳᠤ᠂ ᠲᠤᠮᠤ ᠬᠡᠯᠪᠡᠷᠢ ᠶᠢᠨ | ᠬᠠᠳᠤᠵᠤ ᠬᠤᠷᠢᠶᠠᠬᠤ ᠮᠠᠰᠢᠨ ᠬᠦᠩᠭᠢᠨᠡᠨ᠂ ᠬᠡᠳᠦᠨ ᠠᠷᠪᠠᠨ ᠠᠵᠢᠯᠴᠢᠳ ᠰᠤᠩᠭᠢᠨ᠎ᠠ ᠪᠠᠨ ᠪᠤᠭᠤᠳᠠᠯᠯᠠᠨ ᠲᠡᠭᠡᠭᠡᠵᠤ | ᠶᠠᠭᠠᠷᠠᠯᠲᠠᠢ ᠠᠵᠢᠯᠯᠠᠵᠤ ᠪᠠᠶᠢᠯ᠎ᠠ᠃ | ᠣᠩᠨᠢᠭᠤᠳ ᠬᠤᠰᠢᠭᠤᠨ ᠤ ᠾᠧ ᠵᠢᠶᠠ ᠲᠠᠷᠢᠵᠤ ᠲᠡᠵᠢᠭᠡᠬᠦ ᠲᠤᠰᠬᠠᠶ ᠬᠤᠷᠰᠢᠶᠠᠵᠢᠯ ᠤᠨ ᠲᠠᠭᠠᠭᠠᠮᠠᠯ ᠵᠤᠤ | ᠭᠠᠩ ᠬᠡᠯᠡᠭᠰᠡᠨ ᠨᠢ᠄ ᠡᠨᠡ ᠵᠢᠯ ᠪᠢᠳᠡ 1500 ᠭᠠᠷᠤᠢ ᠮᠦ ᠰᠤᠩᠭᠢᠨ᠎ᠠ ᠲᠠᠷᠢᠵᠤ᠂ ᠮᠦ ᠪᠦᠷᠢ ᠠᠴᠠ ᠪᠠᠷᠤᠭ | 15000 ᠵᠢᠩ ᠣᠷᠴᠢᠮ ᠰᠤᠩᠭᠢᠨ᠎ᠠ ᠬᠤᠷᠢᠶᠠᠵᠠᠢ᠂ ᠡᠨᠡ ᠵᠢᠯ ᠰᠣᠩᠭᠢᠨ᠎ᠠ ᠶᠢᠨ ᠵᠠᠬ᠎ᠠ ᠳᠡᠯᠭᠡᠭᠦᠷ ᠴᠤ ᠨᠡᠯᠢᠶᠡᠳ | ᠰᠠᠶᠢᠨ ᠪᠠᠶᠢᠵᠤ᠂ ᠪᠠᠷᠤᠭ ᠨᠢᠭᠡ ᠮᠢᠩᠭ᠎ᠠ ᠨᠠᠢᠮᠠᠨ ᠵᠠᠭᠤᠨ ᠲᠦᠮᠡᠨ ᠲᠥᠭᠦᠷᠢᠭ ᠤᠨ ᠤᠷᠤᠯᠭ᠎ᠠ ᠤᠯᠬᠤ ᠪᠤᠯᠤᠮᠵᠢ ᠲᠠᠢ | ᠭᠡᠵᠡᠢ᠃ | ᠰᠣᠩᠭᠢᠨ᠎ᠠ ᠨᠢ ᠬᠥᠷᠥᠰᠥ ᠰᠢᠷᠣᠶ ᠳᠤ ᠵᠣᠬᠢᠴᠠᠬᠤ ᠴᠢᠨᠠᠷ ᠢᠶᠠᠷ ᠴᠢᠩᠭ᠎ᠠ᠂ ᠲᠠᠷᠢᠵᠤ ᠠᠷᠠᠴᠢᠯᠠᠬᠤ ᠳᠤ | ᠬᠢᠯᠪᠠᠷ᠂ ᠡᠨᠡ ᠵᠢᠯ ᠠᠵᠤ ᠠᠬᠤᠶ ᠶᠢᠨ ᠦᠷ᠎ᠡ ᠠᠰᠢᠭ ᠴᠤ ᠨᠡᠯᠢᠶᠡᠳ ᠰᠠᠶᠢᠨ ᠪᠠᠶᠢᠵᠤ ᠲᠠᠷᠢᠮᠠᠯ ᠤᠨ ᠡᠷᠦᠬᠡ ᠶᠢᠨ | ᠣᠷᠣᠯᠭ᠎ᠠ ᠶᠢ ᠶᠡᠬᠡᠪᠡᠷ ᠨᠡᠮᠡᠭᠳᠡᠭᠦᠯᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ 2024 ᠣᠨ ᠳᠤ ᠪᠥᠬᠦ | ᠬᠤᠰᠢᠭᠤᠨ ᠳᠤ ᠨᠡᠶᠢᠲᠡ 5200 ᠭᠠᠷᠤᠶ ᠮᠥ ᠰᠣᠩᠭᠢᠨ᠎ᠠ ᠳᠠᠷᠢᠵᠤ᠂ ᠪᠦᠲᠦᠭᠡᠭᠳᠡᠬᠦᠨ ᠨᠢ ᠭᠤᠤᠯᠳᠠᠭᠤ ᠾᠧᠨᠠᠨ᠂ | ᠱᠠᠨᠳᠦ᠋ᠩ ᠵᠡᠷᠭᠡ ᠭᠠᠵᠠᠷ ᠤᠳ ᠲᠤ ᠪᠤᠷᠤᠯᠠᠭᠤᠯᠤᠭᠳᠠᠵᠤ ᠪᠠᠶᠢᠨ᠎ᠠ᠃ | |