ᠮᠠᠨ ᠤ ᠬᠤᠰᠢᠭᠤ ᠰᠢᠬᠢᠷ ᠯᠤᠤᠪᠠᠩ ᠤᠨ ᠠᠵᠤ ᠦᠢᠯᠡᠰ ᠤᠨ ᠲᠤᠬᠠᠶ ᠶᠢᠨ ᠭᠠᠵᠠᠷ ᠲᠤᠨᠢ ᠲᠣᠭᠤᠷᠢᠨ ᠰᠤᠷᠤᠯᠴᠠᠬᠤ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/9/26
        9 ᠰᠠᠷ᠎ᠠ ᠶᠢᠨ 25 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠰᠢᠬᠢᠷ ᠯᠤᠤᠪᠠᠩ ᠤᠨ ᠲᠠᠷᠢᠮᠠᠯ ᠤᠨ ᠲᠤᠬᠠᠶ ᠶᠢᠨ ᠭᠠᠵᠠᠷ ᠲᠤᠨᠢ ᠲᠤᠭᠤᠷᠢᠨ ᠰᠤᠷᠤᠯᠴᠠᠬᠤ ᠪᠤᠯᠪᠠᠰᠤᠷᠠᠯ ᠡᠷᠭᠢᠯᠡᠪᠡ᠃        ᠪᠤᠯᠪᠠᠰᠤᠷᠠᠯ ᠳᠡᠭᠡᠷ᠎ᠡ ᠲᠣᠭᠤᠷᠢᠨ ᠦᠵᠡᠭᠴᠢ ᠶᠢ ᠵᠣᠬᠢᠶᠠᠨ ᠪᠠᠶᠢᠭᠤᠯᠵᠤ ᠤᠷᠢᠳ ᠬᠤᠵᠢᠳ ᠭᠤᠳᠠᠭᠠᠷ ᠭᠦᠩ ᠪᠠᠯᠭᠠᠰᠤ᠂ ᠪᠣᠷᠣᠬᠤᠲᠠ ᠪᠠᠯᠭᠠᠰᠤᠨ ᠤ ᠰᠢᠬᠢᠷ ᠯᠤᠤᠪᠠᠩ ᠤᠨ ᠲᠠᠷᠢᠮᠠᠯ ᠤᠨ ᠵᠢᠱᠢᠶ᠎ᠡ ᠦᠵᠡᠭᠦᠯᠬᠦ ᠲᠣᠭᠤᠷᠢᠭ ᠲᠤ ᠬᠦᠷᠴᠦ᠂ ᠰᠢᠬᠢᠷ ᠯᠤᠤᠪᠠᠩ ᠤᠨ ᠦᠨᠳᠦᠰᠦᠨ ᠰᠢᠰᠲ᠋ᠧᠮ ᠤᠨ ᠤᠷᠭᠤᠯᠲᠠ ᠶᠢᠨ ᠪᠠᠶᠢᠳᠠᠯ ᠢ ᠳᠡᠯᠭᠡᠨ ᠦᠵᠡᠭᠦᠯᠥᠭᠰᠡᠨ ᠤ ᠬᠠᠮᠲᠤ ᠰᠢᠬᠢᠷ ᠯᠤᠤᠪᠠᠩ ᠤᠨ ᠣᠳᠣᠬᠠᠨ ᠤ ᠤᠨᠠᠯᠲᠠ ᠪᠣᠯᠤᠨ ᠰᠢᠬᠢᠷ ᠠᠭᠤᠯᠤᠭᠳᠠᠵᠤ ᠪᠠᠶᠢᠭ᠎ᠠ ᠪᠠᠶᠢᠳᠠᠯ ᠢ ᠬᠡᠮᠵᠢᠨ ᠪᠠᠶᠢᠴᠠᠭᠠᠪᠠ᠃        ᠪᠣᠯᠪᠠᠰᠤᠷᠠᠯ ᠳᠤᠮᠳᠠ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠷᠭᠤᠮᠠᠯ ᠤᠨ ᠡᠪᠡᠳᠴᠢᠨ ᠤ ᠰᠤᠳᠤᠯᠤᠯ ᠤᠨ ᠰᠠᠯᠪᠤᠷᠢ ᠶᠢᠨ ᠫᠷᠤᠹᠧᠰᠰᠤᠷ ᠬᠠᠨ ᠴᠧᠩ ᠬᠦᠶ ᠠᠴᠠ ᠰᠢᠬᠢᠷ ᠯᠤᠤᠪᠠᠩ ᠤᠨ ᠳᠤᠮᠳᠠ ᠰᠡᠭᠦᠯᠴᠢ ᠶᠢᠨ ᠤᠷᠭᠤᠯᠲᠠ ᠶᠢᠨ ᠬᠤᠭᠤᠴᠠᠭᠠᠨ ᠳᠤ ᠣᠯᠠᠨ ᠡᠭᠦᠰᠳᠡᠭ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠲᠤᠬᠠᠶ ᠨᠠᠷᠢᠨ ᠲᠠᠶᠢᠯᠪᠤᠷᠢᠯᠠᠵᠤ᠂ ᠬᠤᠰᠢᠭᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠠᠴᠠ ᠰᠢᠬᠢᠷ ᠯᠤᠤᠪᠠᠩ ᠲᠠᠷᠢᠬᠤ᠂ ᠪᠣᠷᠳᠣᠭᠤᠷ ᠣᠷᠣᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠠᠶᠢᠯᠤᠮᠵᠢ ᠬᠢᠭᠰᠡᠨ ᠪᠠᠶᠢᠨ᠎ᠠ       ᠲᠣᠰ ᠤᠳᠠᠭᠠᠨ ᠤ ᠪᠤᠯᠪᠠᠰᠤᠷᠠᠯ ᠢᠶᠠᠷ ᠳᠠᠮᠵᠢᠨ ᠰᠢᠬᠢᠷ ᠯᠤᠤᠪᠠᠩ ᠢ ᠥᠨᠳᠥᠷ ᠤᠨᠠᠯᠲᠠ ᠲᠠᠢ᠂ ᠥᠨᠳᠥᠷ ᠦᠷ᠎ᠡ ᠪᠦᠲᠦᠮᠵᠢᠲᠡᠶ ᠳᠠᠷᠢᠬᠤ ᠬᠠᠮᠢᠶ᠎ᠠ ᠪᠥᠬᠦᠶ ᠮᠡᠷᠭᠡᠵᠢᠯ ᠢ ᠪᠦᠲᠦᠮᠵᠢᠲᠡᠶ ᠳᠡᠯᠭᠡᠷᠡᠭᠦᠯᠦᠨ ᠲᠦᠭᠡᠮᠡᠯᠵᠢᠭᠦᠯᠥᠭᠰᠡᠨ ᠢᠶᠠᠷ ᠪᠠᠷᠠᠬᠤ ᠦᠭᠡᠢ ᠮᠠᠨ ᠤ ᠬᠤᠰᠢᠭᠤᠨ ᠤ ᠰᠢᠬᠢᠷ ᠯᠤᠤᠪᠠᠩ ᠲᠠᠷᠢᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠬᠢᠷ ᠯᠤᠤᠪᠠᠩ ᠤᠨ ᠠᠵᠤ ᠥᠢᠯᠡᠰ ᠤᠨ ᠦᠷᠭᠦᠯᠵᠢᠯᠡᠨ ᠬᠥᠭᠵᠢᠬᠦ ᠶᠢ ᠪᠠᠲᠤᠯᠠᠬᠤ ᠳᠤ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号