ᠤᠩᠨᠢᠭᠤᠳ ᠬᠤᠰᠢᠭᠤᠨ ᠤ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠨᠠᠢᠷ ᠵᠢᠴᠢ ᠵᠡᠮᠳᠡᠭᠴᠦᠳ ᠤᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/9/26
       9 ᠰᠠᠷ᠎ᠠ ᠶᠢᠨ 23 ᠤ ᠡᠳᠦᠷ᠂ ᠣᠩᠨᠢᠭᠤᠳ ᠬᠤᠰᠢᠭᠤᠨ ᠤ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠨᠠᠶᠢᠷ ᠵᠢᠴᠢ ᠵᠡᠮᠳᠡᠭᠴᠦᠳ ᠤᠨ ᠲᠠᠮᠢᠷ ᠤᠨ ᠴᠤᠭᠯᠠᠭᠠᠨ ᠡᠬᠢᠯᠡᠪᠡ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠪᠣᠣ ᠯᠠᠨ ᠯᠠᠨ᠂ ᠬᠤᠰᠢᠭᠤᠨ ᠤ ᠤᠳᠤᠷᠢᠳᠤᠯᠭ᠎ᠠ ᠯᠢ ᠢᠦᠢ ᠲᠢᠩ᠂ ᠳ᠋ᠠᠢ ᠢᠦᠢ ᠬᠤᠸᠠ᠂ ᠸᠠᠩ ᠶᠦᠩ ᠯᠢ᠂ ᠰᠠᠶᠢᠨᠪᠠᠲᠤ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠪᠥᠬᠦ ᠬᠤᠰᠢᠭᠤᠨ ᠤ ᠵᠠᠭᠤ ᠰᠢᠬᠠᠮ ᠵᠡᠮᠳᠡᠭᠴᠦᠳ ᠤᠨ ᠲᠥᠯᠥᠭᠡᠯᠡᠭᠴᠢ 8 ᠠᠩᠭᠢ ᠬᠤᠪᠢᠶᠠᠨ ᠲᠠᠯᠠᠪᠠᠢ ᠳᠤ ᠣᠷᠣᠵᠤ᠂ ᠬᠤᠲᠠ ᠬᠤᠰᠢᠭᠤᠨ ᠤ ᠤᠳᠤᠷᠢᠳᠤᠯᠭ᠎ᠠ ᠲᠤᠰ ᠲᠤᠰ ᠠᠵᠢᠯᠯᠠᠭ᠎ᠠ ᠶᠢᠨ ᠠᠮᠵᠢᠯᠲᠠ ᠲᠠᠢ ᠶᠠᠪᠤᠭᠳᠠᠬᠤ ᠶᠢ ᠵᠦᠩᠨᠡᠨ ᠪᠠᠶᠠᠷ ᠬᠦᠷᠭᠡᠭᠰᠡᠨ ᠤ ᠬᠠᠮᠲᠤ ᠲᠠᠮᠢᠷᠴᠢᠳ ᠪᠤᠯᠤᠨ ᠬᠢᠨᠠᠭᠴᠢᠳ ᠤᠨ ᠲᠥᠯᠥᠭᠡᠯᠡᠭᠴᠢ ᠠᠴᠠ ᠲᠤᠰ ᠲᠤᠰ ᠲᠠᠩᠭᠠᠷᠢᠭᠯᠠᠪᠠ᠃       ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠲᠢᠩ ᠣᠩᠨᠢᠭᠤᠳ ᠬᠤᠰᠢᠭᠤᠨ ᠤ ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠨᠠᠶᠢᠷ ᠵᠢᠴᠢ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃       ᠲᠣᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠳᠤ ᠣᠶᠢᠷ᠎ᠠ ᠭᠦᠶᠦᠯᠲᠡ᠂ ᠬᠤᠯᠠ ᠦᠰᠦᠷᠬᠦ᠂ ᠳᠡᠭᠡᠰᠦ ᠦᠰᠦᠷᠬᠦ᠂ ᠰᠠᠪᠬ᠎ᠠ ᠪᠠᠷ ᠫᠢᠩᠫᠠᠩ ᠪᠥᠮᠪᠦᠭᠡ ᠬᠠᠪᠴᠢᠬᠤ᠂ ᠥᠳᠥᠨ ᠪᠥᠮᠪᠦᠭᠡ ᠵᠡᠷᠭᠡ ᠲᠥᠷᠥᠯ ᠤᠨ ᠠᠭᠤᠯᠭ᠎ᠠ ᠶᠢ ᠪᠠᠭᠲᠠᠭᠠᠵᠠᠢ᠃      ᠤᠷᠠᠨ ᠰᠠᠶᠢᠬᠠᠨ ᠤ ᠲᠤᠭᠯᠠᠯᠲᠠ ᠳᠤ ᠪᠠᠨ ᠳᠠᠭᠤᠤ᠂ ᠰᠢ ᠳᠠᠭᠤᠷᠢᠯᠢᠭ᠂ ᠪᠥᠵᠢᠭ ᠵᠡᠷᠭᠡ ᠤᠯᠠᠨ ᠰᠠᠶᠢᠬᠠᠨ ᠪᠠᠶᠠᠯᠢᠭ ᠠᠭᠤᠯᠭ᠎ᠠ ᠲᠠᠢ ᠲᠤᠭᠯᠠᠯᠲᠠ ᠭᠠᠷᠭᠠᠨ᠂ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠥᠭᠡᠭᠡᠴᠡᠯᠳᠦᠯ ᠢᠶᠠᠨ ᠢᠯᠡᠳᠭᠡᠭᠰᠡᠨ ᠪᠠᠶᠢᠨ᠎ᠠ᠃       ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠳᠠᠭᠠᠭᠠᠴᠢᠯᠠᠨ ᠡᠷᠭᠢᠯᠡᠵᠦ᠂ ᠵᠡᠮᠳᠡᠭᠴᠦᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠬᠡᠢ ᠵᠡᠮᠳᠡᠭᠴᠦᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠴᠤ ᠭᠦᠢᠴᠡᠳ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号