ᠤᠣ ᠮᠧᠢ ᠳ᠋ᠧ ᠱᠧᠨ ᠡᠮ ᠤᠨ ᠦᠢᠯᠡᠰ ᠮᠠᠨ ᠤ ᠬᠤᠰᠢᠭᠤᠨ ᠳᠤ ᠡᠮ ᠤᠨ ᠦᠢᠯᠡᠳᠪᠦᠷᠢ ᠪᠠᠶᠢᠭᠤᠯᠬᠤ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/29
        9 ᠰᠠᠷ᠎ᠠ ᠶᠢᠨ 26 ᠤ ᠡᠳᠦᠷ᠂ ᠤᠣ ᠮᠧᠢ ᠳ᠋ᠧ ᠱᠧᠨ ᠡᠮ ᠤᠨ ᠦᠢᠯᠡᠰ ᠦ᠋ ᠹᠧᠨ ᠳ᠋ᠢ ᠪᠠᠯᠭᠠᠰᠤᠨ ᠳᠤ ᠡᠮ ᠤᠨ ᠦᠢᠯᠡᠳᠪᠦᠷᠢ ᠶᠢᠨ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ᠂ ᠭᠤᠤ ᠶᠦᠩ ᠦ᠋ ᠶᠤᠰᠤᠯᠠᠯ ᠳᠤ ᠣᠷᠣᠯᠴᠠᠵᠤ ᠪᠠᠶᠠᠷ ᠬᠦᠷᠭᠡᠪᠡ᠃        ᠤᠢᠢᠯᠠᠭᠠᠭᠰᠠᠠ ᠢᠶᠠᠷ᠂ ᠤᠣ ᠮᠧᠢ ᠳ᠋ᠧ ᠱᠧᠨ ᠡᠮ ᠤᠨ ᠦᠢᠯᠡᠰ ᠪᠣᠯ ᠡᠮ ᠤᠨ ᠮᠠᠲ᠋ᠧᠷᠢᠶᠠᠯ ᠲᠠᠷᠢᠬᠤ᠂ ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂ ᠪᠣᠷᠣᠯᠠᠭᠤᠯᠬᠤ ᠶᠢ ᠨᠢᠭᠡ ᠴᠤᠬᠴᠠᠵᠢᠭᠤᠯᠤᠬᠰᠠᠨ ᠬᠢᠲᠠᠳ ᠡᠮ ᠤᠨ ᠠᠵᠤ ᠠᠬᠤᠶᠢᠯᠠᠯ ᠪᠣᠯᠤᠨ᠎ᠠ᠂ ᠡᠨᠡ ᠵᠢᠯ᠂ ᠡᠦ ᠹᠧᠨ ᠳ᠋ᠢ ᠪᠠᠯᠭᠠᠰᠤᠨ ᠳᠤ ᠰᠢᠬᠢᠷ ᠡᠪᠡᠰᠦ᠂ ᠬᠤᠨᠴᠢᠷ᠂ ᠬᠤᠷᠳᠤᠨ ᠴᠠᠭᠠᠨ ᠵᠡᠷᠭᠡ ᠡᠮ ᠤᠨ ᠮᠠᠲ᠋ᠧᠷᠢᠶᠠᠯ ᠢ ᠨᠡᠶᠢᠳᠡ 5000 ᠭᠠᠷᠤᠢ ᠮᠦ ᠲᠠᠷᠢᠵᠠᠢ᠃ 2025 ᠣᠨ ᠳᠤ᠂ ᠠᠵᠤ ᠠᠬᠤᠶᠢᠯᠠᠯ ᠨᠢ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠦᠢᠯᠡᠳᠪᠦᠷᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠲᠠᠷᠢᠮᠠᠯ ᠤᠨ ᠬᠡᠪᠴᠢᠶ᠎ᠡ ᠪᠠᠨ ᠥᠷᠭᠡᠳᠬᠡᠬᠦ ᠳᠤ ᠬᠡᠷᠡᠭᠯᠡᠬᠦ ᠪᠠᠷ ᠲᠥᠯᠥᠪᠯᠡᠵᠦ ᠪᠣᠶ᠃ ᠲᠤᠰ ᠲᠦᠷᠦᠯ ᠵᠦᠢᠯ ᠤᠨ ᠠᠮᠵᠢᠯᠲᠠ ᠲᠠᠢ ᠣᠷᠣᠵᠤ ᠢᠷᠡᠭᠰᠡᠨ ᠨᠢ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号