ᠤᠯᠠᠭᠠᠨᠬᠠᠳᠠ ᠬᠤᠲᠠ᠂ ᠦᠬᠠᠶ ᠬᠤᠲᠠ᠂ ᠠᠨᠾᠦ᠋ᠢ ᠮᠤᠵᠢ ᠶᠢᠨ ᠯᠢᠦ ᠠᠨ ᠬᠤᠲᠠ ᠶᠢᠨ ᠤᠷᠠᠨ ᠪᠢᠴᠢᠯᠭᠡᠲᠡᠳ ᠤᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/29
       9 ᠰᠠᠷ᠎ᠠ ᠶᠢᠨ 25 ᠤ ᠡᠳᠦᠷ᠂ ᠤᠯᠠᠭᠠᠨᠬᠠᠳᠠ ᠬᠤᠲᠠ ᠶᠢᠨ ᠤᠳᠬ᠎ᠠ ᠤᠷᠠᠯᠢᠭ ᠤᠨ ᠬᠤᠯᠪᠣᠭ᠎ᠠ ᠶᠢᠨ ᠲᠡᠷᠢᠭᠦᠯᠡᠭᠴᠢ ᠬᠠᠨ ᠶᠢᠩ ᠤᠯᠠᠭᠠᠨᠬᠠᠳᠠ ᠬᠤᠲᠠ᠂ ᠦᠬᠠᠶ ᠬᠤᠲᠠ᠂ ᠠᠨᠾᠦ᠋ᠢ ᠮᠤᠵᠢ ᠶᠢᠨ ᠯᠢᠦ ᠠᠨ ᠬᠤᠲᠠ ᠶᠢᠨ ᠤᠷᠠᠨ ᠪᠢᠴᠢᠯᠭᠡᠲᠡᠳ ᠤᠨ ᠪᠠᠶᠢᠴᠠᠭᠠᠬᠤ ᠪᠦᠯᠬᠦᠮ ᠶᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ᠂ ᠤᠷᠠᠨ ᠪᠢᠴᠢᠯᠭᠡ ᠶᠢᠨ ᠰᠣᠯᠢᠯᠴᠠᠭᠠᠨ ᠤ ᠠᠵᠢᠯᠯᠠᠭ᠎ᠠ ᠦᠷᠨᠢᠭᠦᠯᠵᠡᠢ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠤ᠋ ᠹᠧᠩ ᠶᠠᠨ ᠪᠠᠷ᠎ᠠ ᠪᠣᠯᠵᠣ ᠪᠠᠶᠢᠴᠠᠭᠠᠪᠠ᠃        ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠵᠠᠩ ᠶᠢᠩ ᠷᠦᠢ ᠶᠢᠨ ᠬᠦᠰᠢᠶ᠎ᠡ᠂ ᠬᠤᠰᠢᠭᠤᠨ ᠤ ᠮᠦᠽᠧᠢ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠵᠡᠷᠭᠡ ᠭᠠᠵᠠᠷ ᠤᠳ ᠢᠶᠠᠷ ᠲᠣᠭᠤᠷᠢᠨ ᠪᠠᠶᠢᠴᠠᠭᠠᠵᠤ᠂ ᠲᠡᠦᠬᠡ ᠰᠣᠶᠣᠯ ᠤᠨ ᠬᠠᠮᠠᠭᠠᠯᠠᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ‍ᠦ᠋ᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠵᠦ ᠪᠠᠶᠢᠭ᠎ᠠ ᠪᠠᠶᠢᠳᠠᠯ ᠵᠡᠷᠭᠡ ᠲᠠᠯ᠎ᠠ ᠪᠠᠷ ᠨᠠᠷᠢᠯᠢᠭ ᠤᠶᠢᠯᠠᠭᠠᠭᠰᠠᠨ ᠤ ᠬᠠᠮᠲᠤ ᠣᠩᠨᠢᠭᠤᠳ ᠬᠤᠰᠢᠭᠤᠨ ᠤ ᠤᠷᠠᠨ ᠪᠢᠴᠢᠯᠭᠡᠲᠡᠳ ᠲᠠᠢ ᠤᠷᠠᠨ ᠪᠢᠴᠢᠯᠭᠡ ᠶᠢᠨ ᠤᠷ᠎ᠠ ᠮᠡᠷᠭᠡᠵᠢᠯ ᠢᠶᠠᠨ ᠬᠠᠷᠢᠯᠴᠠᠨ ᠰᠣᠯᠢᠯᠴᠠᠵᠤ᠂ ᠦᠪᠡᠷᠮᠢᠴᠡ ᠤᠨᠴᠠᠯᠢᠭ ᠪᠦᠬᠦᠢ ᠭᠤᠶᠢᠳᠠ ᠪᠦᠲᠦᠭᠡᠯ ᠢᠶᠠᠨ ᠳᠡᠯᠭᠡᠯᠴᠡᠨ᠂ ᠰᠢᠨ᠎ᠡ ᠶᠢ ᠡᠭᠦᠳᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠭᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号