ᠳ᠋ᠠ ᠲᠠᠩ 100 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠮᠠᠨ ᠤ ᠬᠤᠰᠢᠭᠤᠨ ᠳᠤ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2024/9/29
        9 ᠰᠠᠷ᠎ᠠ ᠶᠢᠨ 27 ᠤ ᠡᠳᠦᠷ᠂ ᠳ᠋ᠠ ᠲᠠᠩ ᠤᠯᠠᠭᠠᠨᠬᠠᠳᠠ ᠶᠢᠨ 100 ᠲᠦᠮᠡᠨ ᠺᠢᠯᠣᠸᠠᠲ ᠤᠨ ᠨᠠᠷᠠᠨ ᠡᠨᠧᠷᠭᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠮᠠᠨ ᠤ ᠬᠤᠰᠢᠭᠤᠨ ᠳᠤ ᠪᠠᠷᠢᠯᠭ᠎ᠠ ᠡᠬᠢᠯᠡᠭᠰᠡᠨ ᠪᠠᠶᠢᠨ᠎ᠠ᠃         ᠲᠤᠰ ᠲᠥᠷᠥᠯ ᠵᠦᠢᠯ ᠨᠢ ᠣᠩᠨᠢᠭᠤᠳ ᠬᠤᠰᠢᠭᠤᠨ ᠤ ᠠᠰᠢᠬᠠᠨ ᠰᠤᠮᠤ ᠶᠢᠨ ᠪᠠᠶᠠᠬᠤᠪᠤᠭ᠎ᠠ ᠭᠠᠴᠠᠭ᠎ᠠ ᠪᠤᠯᠤᠨ ᠤᠯᠠᠭᠠᠬᠤᠳᠦ ᠭᠠᠴᠠᠭᠠᠨ ᠤ ᠬᠢᠯᠢ ᠳᠣᠲᠣᠷ᠎ᠠ ᠪᠠᠶᠢᠷᠢᠯᠠᠵᠤ᠂ 9 ᠰᠠᠷ᠎ᠠ ᠶᠢᠨ 6 ᠤ ᠡᠳᠦᠷ ᠪᠠᠷᠢᠯᠭ᠎ᠠ ᠡᠬᠢᠯᠡᠭᠦᠯᠵᠦ᠂ ᠣᠳᠣᠬᠠᠨ ᠳᠤ ᠭᠠᠵᠠᠷ ᠢᠶᠠᠨ ᠲᠡᠭᠰᠢᠯᠡᠬᠦ᠂ ᠱᠦᠢᠨᠢ ᠪᠠᠭᠠᠨ᠎ᠠ ᠪᠤᠰᠬᠠᠬᠤ ᠵᠡᠷᠭᠡ ᠠᠵᠢᠯ ᠢ ᠨᠢᠭᠡᠨᠲᠡ ᠳᠠᠭᠤᠰᠬᠠᠵᠤ᠂ 12 ᠰᠠᠷ᠎ᠠ ᠶᠢᠨ ᠰᠡᠭᠦᠯᠴᠢ ᠪᠠᠷ ᠲᠦᠷᠦᠯ ᠵᠦᠢᠯ ᠢᠶᠠᠨ ᠪᠠᠶᠢᠭᠤᠯᠵᠤ ᠳᠠᠭᠤᠰᠬᠠᠨ᠂ ᠲᠤᠤᠷᠵᠢᠯ ᠳᠤ ᠤᠷᠤᠭᠤᠯᠤᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号