ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ  ᠤᠨ  ᠠᠯᠪᠠᠨ ᠮᠡᠳᠡᠭᠡ ᠶᠢᠨ ᠲᠠᠶᠢᠯᠤᠮᠵᠢ  ︵ᠳᠥᠷᠪᠡ︶
ᠨᠡᠶᠢᠲᠡᠯᠡᠭᠰᠡᠨ ᠴᠠᠭ᠄
2024/9/3
       ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ        ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠠᠮᠢ ᠠᠬᠤᠶ ᠣᠷᠴᠢᠨ ᠲᠣᠭᠤᠷᠢᠨ ᠤ ᠡᠬᠢ ᠡᠭᠦᠰᠦᠯ ᠢ ᠤᠷᠢᠳᠴᠢᠯᠠᠨ ᠰᠡᠷᠭᠡᠶᠢᠯᠡᠬᠦ ᠰᠢᠰᠲ᠋ᠧᠮ ᠢ ᠪᠦᠷᠢᠨᠰᠢᠬᠦᠯᠵᠦ᠂ ᠠᠭᠤᠯᠠ ᠤᠰᠤ᠂ ᠣᠶ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠬᠤᠷᠴᠢᠨ ᠤ ᠡᠯᠡᠰᠦ ᠶᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠨᠠᠷᠠᠨ ᠡᠨᠤᠷᠭᠢ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠡᠯᠡᠰᠦ ᠶᠢ ᠵᠠᠰᠠᠬᠤ ᠣᠯᠠᠨ ᠡᠰᠢᠴᠢᠯᠡᠭᠰᠡᠨ ᠪᠡᠯᠡ ᠣᠷᠣᠭᠤᠯᠤᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠬᠤ ᠪᠤᠯᠤᠨ ᠪᠡᠯᠴᠢᠭᠡᠷ ᠮᠠᠯ ᠤᠨ ᠲᠡᠩᠴᠡᠭᠦᠷᠢ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠲᠦᠷᠢᠮ ᠢ ᠪᠦᠷᠢᠨᠰᠢᠭᠦᠯᠦᠨ᠂ ᠤᠰᠤᠨ ᠤ ᠡᠬᠢ ᠪᠠᠶᠠᠯᠢᠭ ᠢ ᠬᠠᠮᠠᠭᠠᠯᠠᠨ ᠭᠠᠮᠨᠠᠵᠤ᠂ ᠡᠬᠡ ᠪᠠᠶᠢᠭᠠᠯᠢ ᠪᠠᠨ ᠰᠠᠶᠢᠲᠤᠷ ᠬᠠᠮᠠᠭᠠᠯᠠᠨ᠂ ᠬᠥᠮᠦᠰ ᠤᠨ ᠣᠷᠣᠰᠢᠨ ᠰᠠᠭᠤᠬᠤ ᠳᠤ ᠳᠤᠬᠢᠷᠠᠮᠵᠢᠲᠠᠢ ᠣᠷᠴᠢᠨ ᠲᠣᠭᠤᠷᠢᠨ ᠢ ᠴᠢᠷᠮᠠᠶᠢᠨ ᠪᠤᠢ ᠪᠤᠯᠭᠠᠬᠤ ᠬᠡᠷᠡᠭᠲᠡᠶ ᠭᠡᠵᠦ ᠳᠤᠷᠠᠳᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号