ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ  ᠤᠨ ᠠᠯᠪᠠᠨ ᠮᠡᠳᠡᠭᠡ ᠶᠢᠨ  ᠲᠠᠶᠢᠯᠤᠮᠵᠢ ︵  ᠲᠠᠪᠤ ︶
ᠨᠡᠶᠢᠲᠡᠯᠡᠭᠰᠡᠨ ᠴᠠᠭ᠄
2024/9/3
       ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ        ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ᠂ ᠣᠩᠨᠢᠭᠤᠳ ᠬᠤᠰᠢᠭᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠳᠤ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ ᠭᠡᠵᠡᠢ᠃        ᠪᠥᠬᠦᠳᠡ ᠬᠤᠷᠠᠯ ᠠᠴᠠ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠬᠢᠵᠢᠭᠦᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠂ ᠨᠠᠮ ᠤᠨ ᠰᠤᠷᠲᠠᠯ᠂ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠤᠨ᠂ ᠲᠥᠪ ᠪᠤᠰᠤ ᠰᠤᠷᠲᠠᠯ᠂ ᠢᠯᠵᠠᠷᠠᠯ ᠤᠨ ᠠᠰᠠᠭᠤᠳᠠᠯ ᠢ ᠬᠠᠮᠲᠤᠷᠠᠭᠤᠯᠤᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠦ ᠶᠢᠨ ᠠᠮᠢ ᠠᠬᠤᠶ ᠶᠢ ᠪᠣᠶ ᠪᠣᠯᠭᠠᠬᠤ ᠬᠡᠷᠡᠭᠲᠡᠶ ᠭᠡᠵᠡᠢ᠃       ᠪᠥᠬᠦᠳᠡ ᠬᠤᠷᠠᠯ ᠠᠴᠠ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠵᠥᠪ ᠣᠨᠣᠪᠴᠢᠲᠠᠶ ᠬᠥᠭᠵᠢᠯᠲᠡ ᠶᠢᠨ ᠤᠬᠠᠮᠰᠠᠷ ᠪᠤᠯᠤᠨ ᠠᠵᠢᠯ ᠤᠨ ᠦᠵᠡᠯᠲᠡ ᠶᠢ ᠪᠣᠶ ᠪᠤᠯᠭᠠᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠨ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠠᠷᠪᠢᠨ ᠭᠤᠷᠪᠠᠨ ᠴᠦᠬᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠠᠭᠤᠷᠮᠠᠭ︾ ᠪᠠᠶᠢᠬᠤ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠦᠨᠳᠦᠰᠦᠨ ᠱᠠᠲᠤᠨ ᠤ ᠺᠠᠳ᠋ᠷᠴᠤᠳ ᠨᠠᠩ ᠣᠯᠠᠨ ᠴᠠᠭ ᠪᠠ ᠣᠶᠤᠨ ᠴᠢᠳᠠᠯ ᠢᠶᠠᠨ ᠬᠥᠭᠵᠢᠯᠲᠡ ᠶᠢ ᠠᠬᠢᠭᠤᠯᠤᠨ᠂ ᠠᠷᠠᠳ ᠤᠯᠠᠨ ᠳᠤ ᠠᠰᠢᠭ ᠭᠦᠷᠲᠡᠭᠡᠬᠦ ᠳᠡᠭᠡᠷ᠎ᠡ ᠵᠠᠷᠤᠴᠠᠭᠤᠯᠬᠤ ᠬᠡᠷᠡᠭᠲᠡᠶ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号