ᠮᠠᠨ ᠤ ᠬᠤᠰᠢᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠮᠡᠳᠡᠯᠭᠡ ᠶᠢᠨ ᠤᠷᠤᠯᠳᠤᠭᠠᠨ‌‍ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/3
       8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠬᠡᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠬᠠᠤᠯᠢ ᠪᠠᠷ ᠵᠠᠰᠠᠬᠤ ᠬᠦᠴᠦᠨ ᠢ ᠨᠢᠭᠲᠠᠷᠠᠭᠤᠯᠵᠤ᠂ ᠬᠠᠤᠯᠢ ᠬᠡᠷᠡᠭᠵᠢᠭᠦᠯᠬᠦ ᠬᠤᠰᠢᠭᠤᠴᠢᠳ ᠢ ᠳᠠᠪᠲᠠᠨ ᠪᠣᠯᠪᠠᠰᠤᠷᠠᠭᠤᠯᠬᠤ︾ ᠣᠩᠨᠢᠭᠤᠳ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠮᠡᠳᠡᠯᠭᠡ ᠶᠢᠨ ᠤᠷᠤᠯᠳᠤᠭᠠᠨ ᠤᠷᠠᠨ ᠰᠠᠶᠢᠬᠠᠨ ᠤ ᠲᠤᠭᠯᠠᠯᠳᠠ ᠶᠢᠨ ᠲᠥᠪ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤᠨ ᠳᠡᠳ᠋ ᠳᠠᠷᠤᠭ᠎ᠠ ᠭᠤᠤ ᠶᠦᠩ ᠡᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠱᠸᠤ ᠰᠢᠤᠸᠠᠢ᠂ ᠬᠤᠰᠢᠭᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠳ᠋ᠠᠶ ᠢᠦᠶ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠶᠢᠨᠪᠠᠲᠤ ᠠᠵᠢᠯᠯᠠᠭ᠎ᠠ ᠳᠤ ᠣᠷᠣᠯᠴᠠᠵᠣ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃       ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾᠂ ᠵᠡᠷᠭᠡ ᠠᠭᠤᠯᠭ᠎ᠠ ᠪᠠᠷ ᠭᠤᠤᠯ ᠪᠤᠯᠭᠠᠪᠠ᠂᠂ ᠤᠷᠤᠯᠳᠤᠭᠠᠨ ᠳᠤ᠂ ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠰᠢᠭᠤᠳ ᠬᠠᠷᠢᠶ᠎ᠠ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ᠳᠤᠲᠤᠷᠠᠬᠢ 6 ᠠᠩᠭᠢ ᠴᠣᠯᠭᠤᠷᠠᠨ ᠭᠠᠷᠴᠤ᠂ ᠰᠢᠢᠳᠪᠦᠷᠢᠲᠦ ᠤᠷᠤᠯᠳᠤᠭᠠᠨ ᠳᠤ ᠣᠷᠣᠯᠴᠠᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号