ᠣᠩᠨᠢᠭᠤᠳ ᠬᠤᠰᠢᠭᠤᠨ ᠤ ᠮᠤ᠋ ᠶᠤᠸᠠᠨ ᠲᠠᠷᠢᠶᠠᠯᠠᠩ ᠮᠠᠯᠵᠢᠯ ᠤᠨ ᠬᠢᠵᠠᠭᠠᠷᠲᠤ ᠺᠣᠮᠫᠠᠨᠢ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/9/3
      8 ᠰᠠᠷ᠎ᠠ ᠶᠢᠨ 29 ᠤ ᠡᠳᠦᠷ᠂ ᠣᠩᠨᠢᠭᠤᠳ ᠬᠤᠰᠢᠭᠤᠨ ᠤ ᠮᠤ᠋ ᠶᠤᠸᠠᠨ ᠲᠠᠷᠢᠶᠠᠯᠠᠩ ᠮᠠᠯᠵᠢᠯ ᠤᠨ ᠬᠢᠵᠠᠭᠠᠷᠲᠤ ᠺᠣᠮᠫᠠᠨᠢ ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ︽ᠰᠤᠷᠤᠯᠭ᠎ᠠ ᠲᠡᠳᠬᠦᠬᠦ ᠨᠠᠮᠤᠷ ᠤᠨ ᠲᠥᠯᠥᠪᠯᠡᠭᠡ︾ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠬᠤ ᠶᠣᠰᠣᠯᠠᠯ ᠶᠠᠪᠤᠭᠤᠯᠵᠤ᠂ ᠮᠠᠨ ᠤ ᠬᠤᠰᠢᠭᠤᠨ ᠤ 86 ᠨᠡᠷ᠎ᠡ ᠣᠶᠤᠲᠠᠨ ᠳᠤ 27.1 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠭᠠᠷᠳᠠᠭᠤᠯᠪᠠ᠃       ᠣᠶᠢᠯᠠᠭᠠᠭᠰᠠᠨ ᠢᠶᠠᠷ᠂ ᠣᠩᠨᠢᠭᠤᠳ ᠬᠤᠰᠢᠭᠤᠨ ᠤ ᠮᠤ᠋ ᠶᠤᠸᠠᠨ ᠲᠠᠷᠢᠶᠠᠯᠠᠩ ᠮᠠᠯᠵᠢᠯ ᠤᠨ ᠬᠢᠵᠠᠭᠠᠷᠲᠤ ᠺᠣᠮᠫᠠᠨᠢ 2017 ᠣᠨ ᠠᠴᠠ ᠡᠬᠢᠯᠡᠨ ︽ᠨᠠᠮᠤᠷ ᠤᠨ ᠰᠤᠷᠤᠯᠭ᠎ᠠ ᠲᠡᠳᠬᠦᠬᠦ ᠲᠥᠯᠥᠪᠯᠡᠭᠡ︾ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠨᠡᠶᠢᠲᠡ 153.4 ᠲᠦᠮᠡᠨ ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠬᠠᠨᠳᠢᠪᠯᠠᠵᠤ᠂ ᠬᠡᠷ ᠪᠦᠯᠢ ᠨᠢ ᠬᠦᠴᠢᠷᠳᠡᠯᠲᠡᠶ 499 ᠨᠡᠷ᠎ᠡ ᠰᠢᠨ᠎ᠡ ᠰᠤᠷᠤᠭᠴᠢᠳ ᠢ ᠬᠠᠪᠰᠤᠷᠤᠨ ᠬᠦᠴᠢᠷ ᠢ ᠨᠢ ᠰᠢᠢᠳᠪᠥᠷᠢᠯᠡᠵᠥ᠂ ᠶᠡᠭᠡ ᠰᠤᠷᠭᠠᠭᠤᠯᠢ ᠶᠢᠨ ᠡᠭᠦᠳᠡ ᠶᠢ ᠤᠷᠤᠭᠰᠢᠲᠠᠶ ᠠᠯᠬᠤᠭᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号