ᠳ᠋ᠠᠨᠳᠦ᠋ᠩ ᠠᠴᠠ ᠰᠢᠯᠢᠠᠬᠤᠲᠠ  ᠬᠦᠷᠬᠦ ᠬᠤᠷᠳᠤᠨ ᠤ ᠵᠠᠮ ᠤᠨ ᠦᠳᠡ ᠶᠢᠨ ᠬᠤᠸᠠ ᠪᠠᠯᠭᠠᠰᠤᠨ ᠳᠤ ᠨᠡᠪᠲᠡᠷᠡᠬᠦ ᠵᠠᠮ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/9/3
       8 ᠰᠠᠷ᠎ᠠ ᠶᠢᠨ 30 ᠤ ᠡᠳᠦᠷ᠂ ᠳ᠋ᠠᠨᠳᠦ᠋ᠩ ᠠᠴᠠ ᠰᠢᠯᠢᠠᠬᠤᠲᠠ ᠬᠦᠷᠬᠦ ᠬᠤᠷᠳᠤᠨ ᠤ ᠵᠠᠮ ᠤᠨ ᠦᠳᠡ ᠶᠢᠨ ᠬᠤᠸᠠ ᠪᠠᠯᠭᠠᠰᠤᠨ ᠳᠤ ᠨᠡᠪᠲᠡᠷᠡᠬᠦ ᠵᠠᠮ ᠪᠠᠷᠢᠯᠭ᠎ᠠ ᠳᠠᠭᠤᠰᠴᠤ ᠠᠰᠢᠭᠯᠠᠯᠲᠠ ᠳᠤ ᠤᠷᠤᠪᠠ᠃ ᠬᠤᠰᠢᠭᠤᠨ ᠤ ᠤᠳᠤᠷᠢᠳᠤᠯᠭ᠎ᠠ ᠯᠢ ᠢᠦᠢ ᠲᠢᠩ᠂ ᠬᠦᠭᠵᠢᠯᠲᠦ᠂ ᠭᠤᠤ ᠶᠦᠩ ᠡᠤ᠂ ᠬᠤᠳᠠ ᠶᠢᠨ ᠵᠠᠮ ᠬᠠᠷᠢᠯᠴᠠᠭ᠎ᠠ ᠳᠡᠭᠡᠭᠡᠪᠦᠷᠢ ᠶᠢᠨ ᠲᠤᠪᠴᠢᠶ᠎ᠠ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠤᠯᠠᠭᠠᠨᠬᠠᠳᠠ ᠳᠠᠬᠢ ᠬᠤᠪᠢᠶᠠᠷᠢ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠵᠦ ᠪᠠᠶᠠᠷ ᠬᠦᠷᠭᠡᠪᠡ᠃       ᠲᠤᠰ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ 7110 ᠲᠦᠮᠡᠨ ᠲᠥᠭᠦᠷᠢᠭ ᠬᠦᠷᠴᠥ᠂ ᠳ᠋ᠠᠨᠳᠦ᠋ᠩ ᠠᠴᠠ ᠰᠢᠯᠢᠠᠬᠤᠲᠠ ᠬᠦᠷᠬᠦ ᠬᠤᠷᠳᠤᠨ ᠤ ᠵᠠᠮ ᠤᠨ ᠭᠤᠤᠯ ᠱᠤᠭᠤᠮ ᠤᠨ 615 ᠺᠢᠯᠤᠮᠧᠲᠷ ᠵᠠᠶ ᠳᠤ ᠪᠠᠶᠢᠷᠢᠯᠠᠵᠤ᠂ ᠴᠢᠶᠤᠤ ᠲᠸᠤ ᠪᠣᠯᠣᠨ ᠪᠣᠷᠣᠬᠤᠲᠠ ᠳᠤ ᠨᠡᠪᠲᠡᠷᠡᠬᠦ ᠵᠠᠮ ᠠᠴᠠ ᠴᠥᠮ 20 ᠺᠢᠯᠤᠮᠧᠲᠷ ᠣᠷᠴᠢᠮ ᠵᠠᠶᠢᠲᠠᠶ᠂᠂ ᠭᠤᠤᠯ ᠱᠤᠭᠤᠮ ᠤᠨ ᠵᠢᠷᠤᠭ ᠲᠥᠯᠥᠪᠯᠡᠭᠡ ᠶᠢᠨ ᠣᠷᠳᠣ ᠨᠢ 1.07 ᠺᠢᠯᠤᠮᠧᠲᠷ ᠪᠠᠶᠢᠵᠤ᠂ ᠲᠣᠭᠤᠷᠢᠭ ᠵᠠᠮ ᠤᠨ ᠶᠡᠷᠦᠩᠬᠡᠶ ᠣᠷᠳᠣ ᠨᠢ 3.66 ᠺᠢᠯᠤᠮᠧᠲᠷ ᠪᠣᠯᠤᠨ᠎ᠠ᠃       ᠲᠥᠷᠥᠯ ᠵᠦᠢᠯ ᠨᠢ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠳ᠋ᠠᠨᠳᠦ᠋ᠩ ᠠᠴᠠ ᠰᠢᠯᠢᠠᠬᠤᠲᠠ ᠬᠦᠷᠬᠦ ᠬᠤᠷᠳᠤᠨ ᠤ ᠵᠠᠮ ᠪᠣᠯᠣᠨ ᠤᠯᠤᠰ ᠤᠨ ᠵᠠᠰᠠᠮᠠᠯ ᠵᠠᠮ 306 ᠱᠤᠭᠤᠮ ᠨᠢ ᠪᠠᠰᠠ ᠨᠢᠭᠡᠨ ᠬᠡᠰᠡᠭ ᠲᠤ ᠬᠠᠷᠢᠯᠴᠠᠨ ᠨᠡᠪᠲᠡᠷᠡᠯᠴᠡᠨ᠂ ᠣᠩᠨᠢᠭᠤᠳ ᠬᠤᠰᠢᠭᠤᠨ ᠤ ᠪᠡᠭᠡᠵᠢᠩ᠂ ᠴᠤᠤᠶᠠᠩ ᠤᠨ ᠴᠢᠭᠯᠡᠯ ᠳᠤ ᠨᠡᠪᠲᠡᠷᠡᠬᠦ ᠵᠠᠩᠭᠢᠯᠠᠭ᠎ᠠ ᠶᠢᠨ ᠴᠢᠭ ᠪᠣᠯᠣᠭᠰᠠᠨ ᠪᠠᠶᠢᠨ᠎ᠠ᠂᠂ ᠲᠡᠷᠡ ᠨᠢ ᠵᠠᠮ ᠬᠠᠷᠢᠯᠴᠠᠭᠠᠨ ᠤ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠣᠷᠣᠨ ᠪᠦᠰᠡ ᠳᠤ ᠨᠡᠪᠲᠡᠷᠡᠬᠦ ᠳᠤ ᠲᠥᠬᠦᠮ ᠦᠵᠡᠭᠦᠯᠥᠨ᠂ ᠵᠠᠮ ᠤᠨ ᠲᠤᠤᠷᠵᠢᠯ ᠤᠨ ᠬᠤᠯᠪᠣᠯᠳᠤᠨ ᠨᠡᠪᠲᠡᠷᠡᠯᠴᠡᠬᠦ ᠪᠠᠷ ᠳᠠᠮᠵᠢᠨ ᠬᠥᠮᠦᠨ ᠤ ᠤᠷᠤᠰᠬᠠᠯ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠤᠷᠤᠰᠬᠠᠯ ᠵᠡᠷᠭᠡ ᠬᠦᠴᠦᠨ ᠵᠦᠢᠯ ᠤᠨ ᠭᠦᠢᠯᠭᠡᠭᠡᠨ ᠤ ᠡᠷᠭᠢᠯᠲᠡ ᠶᠢ ᠲᠦᠷᠭᠡᠳᠬᠡᠵᠦ᠂ ᠦᠳᠡ ᠶᠢᠨ ᠬᠤᠸᠠ ᠪᠠᠯᠭᠠᠰᠤᠨ ᠤ ᠡᠷᠬᠢᠨ ᠲᠣᠭᠤᠷᠢᠨ ᠤ ᠭᠠᠵᠠᠷ ᠣᠷᠣᠨ ᠴᠢᠨᠠᠭᠰᠢᠯᠠᠪᠠᠯ ᠪᠥᠬᠦ ᠬᠤᠰᠢᠭᠤᠨ ᠤ ᠠᠵᠤ  ᠦᠢᠯᠡᠰ  ᠤᠨ ᠬᠥᠭᠵᠢᠯᠲᠡ ᠪᠠ ᠣᠯᠠᠨ ᠲᠦᠮᠡᠨ ᠤ ᠠᠵᠢᠯ ᠣᠯᠵᠣ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠳᠤ ᠬᠦᠴᠥᠳᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号