ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠠᠭᠤᠴᠢᠯᠠᠭᠤᠷ ᠤᠨ ᠨᠡᠪᠲᠡᠷᠡᠯᠴᠡᠭᠡ ᠪᠠ ᠢᠨᠲ᠋ᠧᠷ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/9/3
       8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠠᠭᠤᠴᠢᠯᠠᠭᠤᠷ ᠤᠨ ᠨᠡᠪᠲᠡᠷᠡᠯᠴᠡᠭᠡ ᠪᠠ ᠢᠨᠲ᠋ᠧᠷ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠪᠣᠯᠪᠠᠰᠤᠷᠠᠯ ᠤᠨ ᠠᠩᠭᠢ ᠡᠷᠬᠢᠯᠡᠪᠡ᠂᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠬᠤ᠋ ᠹᠧᠩ ᠶᠠᠨ ᠪᠣᠯᠪᠠᠰᠤᠷᠠᠯ ᠤᠨ ᠠᠩᠭᠢ ᠳᠤ ᠣᠷᠣᠯᠴᠠᠵᠤ ᠶᠠᠷᠢᠶ᠎ᠠ ᠲᠠᠯᠪᠢᠪᠠ᠃       ᠪᠣᠯᠪᠠᠰᠤᠷᠠᠯ ᠤᠨ ᠠᠩᠭᠢ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶᠠᠨ ᠤ ᠨᠠᠮ ᠤᠨ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠧᠰᠰᠤᠷ ᠰᠦᠨ ᡁᠢ ᠹᠠᠩ᠂ ᠮᠧᠩ ᠱᠦ ᠢᠦᠶ ᠶᠢ ᠤᠷᠢᠵᠤ᠂ ᠤᠨᠤᠯ ᠤᠨ ᠲᠠᠶᠢᠯᠤᠮᠵᠢ ᠪᠠ ᠲᠤᠬᠠᠶ ᠶᠢᠨ ᠲᠠᠯᠠᠪᠤᠷ ᠤᠨ ᠦᠵᠡᠭᠳᠡᠯ ᠤᠨ ᠳᠠᠭᠤᠷᠢᠶᠠᠮᠠᠯ ᠰᠣᠨᠢᠨ ᠮᠡᠳᠡᠭᠡ ᠨᠡᠶᠢᠲᠡᠯᠡᠬᠦ ᠬᠤᠷᠠᠯ᠂ ᠰᠦᠯᠵᠢᠶᠡᠨ ᠤ ᠰᠤᠷᠪᠤᠯᠵᠢᠯᠠᠭ᠎ᠠ ᠵᠡᠷᠭᠡ ᠬᠤᠶᠠᠷ ᠵᠦᠢᠯ ᠤᠨ ᠬᠡᠯᠪᠡᠷᠢ ᠪᠠᠷ ᠬᠢᠴᠢᠶᠡᠯ ᠵᠢᠭᠠᠪᠠ᠃ ᠡᠭᠦᠨ ᠤ ᠵᠣᠷᠢᠯᠭ᠎ᠠ ᠨᠢ ᠰᠢᠨ᠎ᠡ ᠵᠠᠭᠤᠴᠢᠯᠠᠭᠤᠷ ᠤᠨ ᠴᠠᠭ ᠦᠶ᠎ᠡ ᠶᠢᠨ ᠠᠬᠤᠶ ᠪᠠᠶᠢᠳᠠᠯ ᠳᠣᠤᠷ᠎ᠠ᠂ ᠪᠥᠬᠦ ᠬᠤᠰᠢᠭᠤᠨ ᠤ ᠺᠠᠳ᠋ᠷ ᠤᠨ ᠡᠩᠨᠡᠭᠡ ᠶᠢᠨ ᠵᠠᠭᠤᠴᠢᠯᠠᠭᠤᠷ ᠤᠨ ᠨᠡᠪᠲᠡᠷᠡᠯᠴᠡᠬᠦ ᠴᠢᠳᠠᠪᠤᠷᠢ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠭᠤᠴᠢᠯᠠᠭᠤᠷ ᠢᠶᠠᠷ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠵᠥᠷᠢᠴᠡᠯ ᠠᠰᠠᠭᠤᠳᠠᠯ ᠢ ᠢᠯᠡᠷᠡᠭᠦᠯᠵᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠴᠤ᠂ ᠠᠷᠠᠳ ᠣᠯᠠᠨ ᠢ ᠳᠠᠶᠢᠴᠢᠯᠠᠨ ᠠᠵᠢᠯ ᠦᠢᠯᠡᠰ ᠢ ᠳᠥᠯᠭᠢᠨ ᠠᠬᠢᠭᠤᠯᠬᠤ ᠶᠢᠨ ᠲᠥᠯᠥᠭᠡ ᠶᠤᠮ᠃

 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号