2024 ᠣᠨ ᠤ ︽ᠦᠨᠳᠦᠰᠦᠲᠡᠨ ᠤ ᠤᠳᠬ᠎ᠠ ᠵᠣᠬᠢᠶᠠᠯ︾ ᠰᠡᠳᠭᠦᠯ ᠤᠨ ᠴᠥᠭᠡᠨ ᠲᠣᠭᠠᠲᠤ ᠦᠨᠳᠦᠰᠦᠲᠡᠨ ᠤ ᠥᠰᠥᠭ ᠪᠢᠴᠢᠭ ᠤᠨ ᠬᠡᠪᠯᠡᠯ ᠤᠨ ᠵᠣᠬᠢᠶᠠᠯᠴᠢ ᠣᠷᠴᠢᠭᠤᠯᠤᠭᠴᠢ ᠶᠢᠨ ᠪᠣᠯᠪᠠᠰᠤᠷᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/3
        8 ᠰᠠᠷ᠎ᠠ ᠶᠢᠨ 27 ᠤ ᠡᠳᠦᠷ᠂ 2024 ᠣᠨ ᠤ ︽ᠦᠨᠳᠦᠰᠦᠲᠡᠨ ᠤ ᠤᠳᠬ᠎ᠠ ᠵᠣᠬᠢᠶᠠᠯ︾ ᠰᠡᠳᠭᠦᠯ ᠤᠨ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠤᠨ ᠵᠣᠬᠢᠶᠠᠯᠴᠢ ᠣᠷᠴᠢᠭᠤᠯᠣᠭᠴᠢ ᠶᠢᠨ ᠪᠣᠯᠪᠠᠰᠤᠷᠠᠯ ᠤᠨ ᠠᠩᠭᠢ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃ ᠪᠡᠭᠡᠵᠢᠩ᠂ ᠬᠥᠬᠡᠬᠤᠲᠠ᠂ ᠲᠦᠩᠯᠢᠶᠣᠤ᠂ ᠤᠯᠠᠭᠠᠨᠬᠠᠳᠠ ᠵᠡᠷᠭᠡ ᠭᠠᠵᠠᠷ ᠤᠷᠤᠨ ᠠᠴᠠ ᠢᠷᠡᠭᠰᠡᠨ 50 ᠭᠠᠷᠤᠶ ᠵᠤᠬᠢᠶᠠᠯᠴᠢᠳ᠂ ᠣᠷᠴᠢᠭᠤᠯᠤᠭᠴᠢᠳ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃        ᠪᠣᠯᠪᠠᠰᠤᠷᠠᠯ ᠤᠨ ᠠᠩᠭᠢ ᠶᠢᠨ ᠭᠡᠰᠢᠭᠦᠳ ᠤᠷᠢᠳ ᠬᠤᠵᠢᠳ ᠤᠯᠠᠭᠠᠬᠤᠳᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠤᠷᠰᠢᠶᠠᠵᠢᠯ ᠤᠨ ᠳᠤᠷᠠᠰᠬᠠᠯ ᠤᠨ ᠣᠷᠳᠣᠨ᠂ ᠪᠣᠷᠣᠬᠤᠲᠠ ᠠᠴᠠ ᠪᠠᠶᠠᠠᠲᠤᠬᠤᠢ ᠬᠦᠷᠬᠦ ᠵᠠᠰᠠᠮᠠᠯ ᠵᠠᠮ ᠤᠨ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ᠂ ᠰᠠᠴᠢᠨᠳᠠᠯ᠎ᠠ ᠭᠠᠴᠠᠭ᠎ᠠ ᠳᠠᠬᠢ ᠬᠠᠰ ᠯᠤᠤ ᠶᠢ ᠢᠯᠡᠷᠡᠭᠦᠯᠥᠭᠰᠡᠨ ᠭᠠᠵᠠᠷ ᠵᠡᠷᠭᠡ ᠭᠠᠵᠠᠷ ᠲᠤ ᠭᠦᠨᠵᠡᠭᠡᠶᠢᠷᠡᠨ ᠪᠠᠶᠢᠳᠠᠯ ᠢ ᠤᠶᠢᠯᠠᠭᠠᠪᠠ᠃        ᠣᠯᠠᠨ ᠢᠶᠠᠷ ᠢᠶᠠᠨ᠂ ᠲᠣᠰ ᠤᠳᠠᠭᠠᠨ ᠤ ᠤᠳᠬ᠎ᠠ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠨ᠂ ᠣᠩᠨᠢᠭᠤᠳ ᠬᠤᠰᠢᠭᠤᠨ ᠤ ᠰᠣᠶᠣᠯ ‍ᠤᠨ‌ᠠᠭᠤᠯᠤᠭᠳᠠᠬᠤᠨ᠂ ᠨᠤᠲᠤᠭ ᠤᠨ ᠵᠠᠩ ᠦᠢᠯᠡ ᠶᠢ ᠨᠠᠩ ᠭᠦᠨᠵᠡᠭᠡᠶ ᠣᠶᠢᠯᠠᠭᠠᠵᠤ᠂ ᠬᠤᠶᠢᠰᠢᠳᠠ ᠶᠢᠨ ᠵᠣᠬᠢᠶᠠᠨ ᠪᠦᠲᠦᠭᠡᠯᠭᠡ ᠳᠡᠭᠡᠨ ᠣᠩᠨᠢᠭᠤᠳ ᠨᠤᠲᠤᠭ ᠤᠨ ᠲᠡᠦᠬᠡ ᠰᠣᠶᠣᠯ᠂ ᠬᠥᠮᠦᠨ ᠨᠡᠶᠢᠭᠡᠮ ᠤᠨ ᠥᠯᠢᠭᠡᠷ ᠳᠤᠮᠤᠭ᠂ ᠨᠤᠲᠤᠭ ᠤᠨ ᠵᠠᠩ ᠵᠠᠩᠰᠢᠯ ᠵᠡᠷᠭᠡ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠯᠠᠬᠤ ᠪᠠᠷ ᠳᠠᠮᠵᠢᠭᠤᠯᠤᠨ᠂ ᠦᠨᠳᠦᠰᠦᠲᠡᠨ ᠤ ᠭᠠᠵᠠᠷ ᠣᠷᠣᠨ ᠤ ᠡᠯ᠎ᠡ ᠲᠠᠯ᠎ᠠ ᠶᠢᠨ ᠪᠥᠲᠥᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢ ᠲᠤᠰᠬᠠᠭᠰᠠᠨ᠂ ᠴᠠᠭ ᠦᠶ᠎ᠡ ᠶᠢᠨ ᠳᠠᠪᠰᠢᠯᠲᠠ ᠶᠢ ᠮᠠᠭᠲᠠᠨ ᠳᠠᠭᠤᠯᠠᠭᠰᠠᠨ ᠰᠢᠯᠢᠳᠡᠭ ᠤᠳᠬ᠎ᠠ ᠵᠣᠬᠢᠶᠠᠯ ᠤᠨ ᠪᠦᠲᠦᠭᠡᠯ ᠢ ᠲᠠᠰᠤᠷᠠᠯᠲᠠ ᠥᠬᠡᠶ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠨᠡᠩ ᠭᠦᠨᠵᠡᠭᠡᠢ ᠬᠠᠭᠤᠴᠢᠯᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号