| | ᠰᠤᠷᠪᠤᠯᠵᠢᠯᠠᠭᠴᠢ ᠤᠶᠢᠷ᠎ᠠ ᠳᠤ ᠪᠡᠯᠡ ᠣᠷᠣᠭᠤᠯᠤᠯᠲᠠ ᠪᠠ ᠠᠵᠤ ᠠᠬᠤᠢᠯᠠᠯ ᠤᠨ ᠨᠡᠮᠡᠭᠳᠡᠯ ᠤᠨ | ᠵᠥᠪᠯᠡᠯᠭᠡ ᠥᠭᠬᠦ ᠳᠤᠰᠬᠠᠢ ᠮᠡᠷᠭᠡᠵᠢᠯ ᠤᠨ ᠦᠢᠯᠡᠴᠢᠯᠡᠭᠡᠨ ᠤ ᠪᠠᠢᠭᠤᠯᠤᠮᠵᠢ ᠪᠤᠯᠬᠤ ︽ᠱᠠ ᠯᠢ ᠸᠠᠨ ᠳᠠᠪᠴᠠᠩ︾ | ᠠᠴᠠ ᠣᠢᠯᠠᠭᠠᠭᠰᠠᠨ ᠢᠶᠠᠷ᠂ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ | ᠳᠠᠭᠠᠭᠤᠯᠤᠭᠴᠢ ᠠᠵᠤ ᠠᠬᠤᠢᠯᠠᠯ ᠪᠤᠯᠬᠤ ᠥᠪᠥᠷ ᠮᠣᠩᠭᠤᠯ ᠤᠨ ᠮᠡᠨᠳᠥ ᠬᠤᠨᠢᠨ ᠤ ᠦᠢᠯᠡᠰ ᠤᠨ ᠢᠳᠡᠭᠡᠨ ᠤ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠦᠬᠡᠷ ᠤᠨ ᠮᠢᠬᠠᠨ ᠪᠤᠷᠴᠠ ᠶᠢᠨ | ᠪᠦᠲᠦᠭᠡᠭᠳᠡᠬᠦᠨ ᠨᠢ ᠭᠤᠷᠪᠠᠨ ᠵᠢᠯ ᠳᠠᠷᠠᠭᠠᠯᠠᠨ ᠪᠦᠬᠦ ᠤᠯᠤᠰ ᠤᠨ ᠪᠣᠷᠣᠯᠠᠭᠤᠯᠭ᠎ᠠ ᠶᠢᠨ ᠨᠢᠭᠡᠳᠦᠭᠡᠷ ᠲᠤ ᠣᠷᠣᠵᠤ᠂ | ᠨᠡᠶᠢᠲᠡ 5600 ᠲᠤᠨ ᠠᠴᠠ ᠳᠡᠭᠡᠭᠰᠢ ᠪᠣᠷᠣᠯᠠᠭᠤᠯᠵᠤ᠂ ᠦᠢᠯᠡᠳᠬᠦᠨ ᠤ ᠥᠷᠲᠡᠭ ᠨᠢ 12 ᠳ᠋ᠣᠩᠰᠢᠭᠤᠷ | ᠲᠥᠭᠦᠷᠢᠭ ᠲᠤ ᠬᠦᠷᠥᠭᠰᠡᠨ ᠪᠠᠶᠢᠨ᠎ᠠ᠃ | ᠥᠪᠥᠷ ᠮᠣᠩᠭᠤᠯ ᠤᠨ ᠮᠡᠨᠳᠥ ᠬᠤᠨᠢᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | 1998 ᠣᠨ ᠠᠴᠠ ᠡᠬᠢᠯᠡᠨ ᠪᠠᠶᠢᠭᠤᠯᠤᠭᠳᠠᠵᠤ᠂ ᠤᠯᠠᠭᠠᠨᠬᠠᠳᠠ ᠶᠢᠨ ᠬᠠᠰ ᠯᠤᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠰᠠᠭᠤᠷᠢᠰᠢᠨ᠂ ᠠᠵᠤ ᠠᠬᠤᠶᠢᠯᠠᠯ ᠨᠢ ᠲᠠᠯ᠎ᠠ ᠨᠤᠲᠤᠭ ᠤᠨ ᠦᠬᠡᠷ ᠬᠤᠨᠢᠨ ᠮᠢᠬᠠᠨ ᠤ | ᠢᠳᠡᠭᠡᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠪᠠᠷ ᠭᠤᠣᠯ ᠡᠵᠡᠩᠨᠡᠯᠲᠡ ᠪᠣᠯᠭᠠᠵᠤ᠂ | ᠪᠦᠲᠦᠭᠡᠭᠳᠡᠬᠦᠨ ᠨᠢ ᠰᠤᠯᠠ ᠢᠳᠡᠭᠡᠨ᠂ ᠪᠣᠯᠭᠤᠭᠰᠠᠨ ᠵᠠᠭᠤᠰᠢ ᠂ ᠰᠢᠨ᠎ᠡ ᠰᠤᠷᠭᠤᠭ ᠲᠦᠭᠦᠬᠡᠢ ᠦᠢᠯᠡᠳᠬᠦᠨ ᠤ | ᠲᠣᠬᠢᠷᠠᠭᠤᠯᠤᠯᠲᠠ ᠶᠢᠨ ᠰᠢᠷᠢᠰ ᠦᠢᠯᠡᠳᠬᠦᠨ ᠵᠡᠷᠭᠡ ᠵᠠᠭᠤ ᠭᠠᠷᠤᠢ ᠲᠦᠷᠦᠯ ᠵᠦᠢᠯ ᠢ ᠬᠠᠮᠤᠷᠴᠠᠢ᠃ 26 ᠵᠢᠯ ᠤᠨ | ᠠᠵᠤ ᠦᠢᠯᠡᠰ ᠤᠨ ᠳᠡᠰ ᠳᠡᠪᠰᠢᠯᠲᠡ ᠪᠠᠷ ᠳᠠᠮᠵᠢᠨ ᠮᠡᠨᠳᠥ ᠬᠤᠨᠢᠨ ᠤ ᠦᠢᠯᠡᠰ ᠨᠢ ᠨᠢᠭᠡᠨᠲᠡ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢᠨ ᠮᠢᠬ᠎ᠠ ᠦᠢᠯᠡᠳᠪᠦᠷᠢᠯᠡᠬᠦ ᠳᠠᠭᠠᠭᠤᠯᠤᠭᠴᠢ ᠠᠵᠤ | ᠠᠬᠤᠶᠢᠯᠠᠯ ᠪᠣᠯᠤᠨ ᠦᠬᠡᠷ ᠬᠤᠨᠢᠨ ᠮᠢᠬᠠᠨ ᠤ ᠠᠵᠢᠯ ᠲᠥᠷᠥᠯ ᠤᠨ ᠳᠠᠭᠠᠭᠤᠯᠤᠭᠴᠢ ᠶᠢᠨ ᠨᠡᠷᠡᠲᠦ ᠲᠡᠮᠳᠡᠭ ᠪᠣᠯᠵᠤ | ᠂ ︽ ᠮᠡᠨᠳᠥ︾ ᠲᠠᠸᠠᠷ ᠤᠨ ᠲᠡᠮᠳᠡᠭ ᠢ ᠳᠤᠮᠳᠠᠳᠤ ᠤᠯᠤᠰ ᠤᠨ ᠨᠡᠷᠡᠲᠦ ᠲᠠᠸᠠᠷ ᠤᠨ ᠲᠡᠮᠳᠡᠭ ᠢᠶᠠᠷ | ᠨᠡᠷᠡᠶᠢᠳᠥᠭᠦᠯᠥᠭᠰᠡᠨ ᠪᠠᠶᠢᠨ᠎ᠠ᠃ |