ᠶᠤᠸᠠᠨ ᠵᠢᠩ ᠺᠤᠮᠫᠠᠨᠢ ᠶᠢᠨ ᠤᠯᠠᠭᠠᠨᠬᠠᠳᠠ ᠳᠠᠬᠢ ᠡᠬᠢ ᠰᠤᠷᠪᠤᠯᠵᠢ ᠪᠠᠷᠠᠭᠠᠨ ᠭᠦᠢᠯᠭᠡᠭᠡᠨ ᠤ ᠲᠤᠤᠷᠵᠢᠯ ᠤᠨ ᠣᠩᠨᠢᠭᠤᠳ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠲᠦᠷᠭᠡᠳᠬᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/9/5
        ᠶᠡᠷᠦᠩᠬᠡᠢ ᠪᠡᠯᠡ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ ᠲᠤ ᠬᠦᠷᠬᠦ ᠶᠤᠸᠠᠨ ᠵᠢᠩ ᠺᠤᠮᠫᠠᠨᠢ ᠶᠢᠨ ᠤᠯᠠᠭᠠᠨᠬᠠᠳᠠ ᠳᠠᠬᠢ ᠡᠬᠢ ᠰᠤᠷᠪᠤᠯᠵᠢ ᠪᠠᠷᠠᠭᠠᠨ ᠭᠦᠢᠯᠭᠡᠭᠡᠨ ᠤ ᠲᠤᠤᠷᠵᠢᠯ ᠤᠨ ᠨᠡᠭᠦᠷᠡᠰᠦ᠋ᠷᠥᠭᠴᠢ ᠶᠢ ᠦᠭᠡᠶᠢᠵᠢᠭᠦᠯᠥᠭᠰᠡᠨ ᠤᠰᠤᠳᠦ᠋ᠷᠥᠭ᠌ᠴᠢᠳᠤ ᠰᠢᠪᠲᠤᠷ ᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠥᠯ ᠵᠦᠢᠯ ᠪᠣᠯᠬᠤ ᠣᠩᠨᠢᠭᠤᠳ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠨᠢ ᠪᠦᠲᠥᠭᠡᠨ ᠪᠠᠶᠢᠭᠤᠯᠤᠯᠳᠠ ᠪᠠᠨ ᠲᠦᠷᠭᠡᠳᠬᠡᠵᠥ᠂ ᠣᠳᠣ ᠳᠤ ᠲᠤᠯᠲᠠᠯ᠎ᠠ ᠨᠢᠭᠡᠨᠲᠡ ᠶᠡᠬᠡᠩᠬᠢ ᠬᠠᠭᠠᠰ ᠢ ᠨᠢ ᠪᠡᠶᠡᠯᠡᠭᠦᠯᠭᠰᠡᠨ ᠪᠠᠶᠢᠨ᠎ᠠ  ᠃        ᠤᠯᠠᠭᠠᠨᠬᠠᠳᠠ ᠳᠠᠬᠢ ᠡᠬᠢ ᠰᠤᠷᠪᠤᠯᠵᠢ ᠪᠠᠷᠠᠭᠠᠨ ᠭᠦᠢᠯᠭᠡᠭᠡᠨ ᠤ ᠲᠤᠤᠷᠵᠢᠯ ᠤᠨ ᠨᠡᠭᠦᠷᠡᠰᠦ᠋ᠷᠥᠭᠴᠢ ᠶᠢ ᠦᠭᠡᠶᠢᠵᠢᠭᠦᠯᠥᠭᠰᠡᠨ ᠤᠰᠤᠳᠦ᠋ᠷᠥᠭ᠌ᠴᠢᠳᠤ ᠰᠢᠪᠲᠤᠷ ᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠥᠯ ᠵᠦᠢᠯ ᠪᠣᠯᠬᠤ ᠣᠩᠨᠢᠭᠤᠳ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠨᠢ ᠤᠳᠠᠨᠲᠣᠬᠤᠢ ᠪᠠᠯᠭᠠᠰᠤ ᠪᠠ ᠠᠰᠢᠬᠠᠨ ᠰᠤᠮᠤᠨ ᠳᠤ ᠪᠠᠶᠢᠷᠢᠯᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢ 20.1 ᠳ᠋ᠦᠩᠰᠢᠭᠤᠷ ᠲᠥᠭᠦᠷᠢᠭ ᠢᠶᠠᠷ ᠲᠦᠯᠥᠪᠯᠡᠵᠥ ᠪᠠᠶᠢᠨ᠎ᠠ᠂᠂ ᠨᠡᠶᠢᠲᠡ 60 ᠰᠠᠤᠷᠢ ᠰᠠᠯᠬᠢᠨ ᠬᠦᠴᠦᠨ ᠤ ᠮᠠᠰᠢᠨ ᠤᠭᠰᠠᠷᠠᠵᠤ᠂ ᠪᠦᠬᠦ ᠪᠠᠭᠲᠠᠭᠠᠮᠵᠢ ᠨᠢ 375000 ᠺᠢᠯᠤᠸᠠᠲ ᠲᠤ ᠬᠦᠷᠥᠨ᠎ᠡ᠂᠂ 25 ᠵᠢᠯ ᠠᠰᠢᠭᠯᠠᠬᠤ ᠪᠠᠷ ᠲᠦᠯᠥᠪᠯᠡᠵᠥ᠂ ᠢᠵᠢ ᠪᠦᠷᠢᠳᠦᠭᠦᠯᠦᠭᠰᠡᠨ ᠬᠦᠴᠥᠳᠡᠯ ᠦᠭᠡᠷᠡᠴᠢᠯᠡᠬᠦ ᠥᠷᠲᠡᠭᠡ᠂ ᠶᠡᠷᠦᠩᠬᠡᠢ ᠲᠤᠬᠢᠷᠠᠭᠤᠯᠬᠤ ᠥᠷᠲᠡᠭᠡ ᠲᠤᠰ ᠪᠦᠷᠢ ᠨᠢᠭᠡ ᠰᠠᠭᠤᠷᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号