ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/5
        9 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ ᠯᠢ ᠢᠦᠶ ᠲᠢᠩ᠂ ᠯᠢᠨ ᠬᠤ᠋᠂ ᠴᠠᠭᠠᠨᠪᠠᠭᠠᠲᠤᠷ ᠪᠠᠷ᠎ᠠ ᠪᠣᠯᠵᠣ ᠪᠠᠶᠢᠴᠠᠭᠠᠪᠠ᠃         ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ  ᠪᠠᠶᠠᠬᠤᠵᠢᠷ ᠭᠠᠴᠠᠭ᠎ᠠ  ᠳᠠᠬᠢ  ᠵᠠᠰᠠᠮᠠᠯ ᠵᠠᠮ ᠳᠠᠭᠤ  ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠦᠷᠦᠯ ᠵᠦᠢᠯ ᠤᠨ ᠲᠣᠭᠤᠷᠢᠭ᠂ ᠬᠡᠷᠰᠡᠩ ᠰᠤᠮᠤ ᠶᠢᠨ  ᠡᠷᠢᠶᠡᠡᠮᠠᠩᠬ᠎ᠠ ᠭᠠᠴᠠᠭ᠎ᠠ ᠵᠡᠷᠭᠡ ᠭᠠᠵᠠᠷ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ︽ᠲᠦᠷᠢᠮ︾ ᠢ  ᠳᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠰᠠᠨᠠᠯ ᠰᠠᠨᠠᠭᠤᠯᠭ᠎ᠠ ᠳᠤᠷᠠᠳᠪᠠ᠃         ᠪᠠᠶᠢᠴᠠᠭᠠᠬᠤ ᠳᠤᠭᠤᠶᠢᠯᠠᠩ ᠠᠴᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠᠷ ᠬᠠᠷᠠᠯᠲᠠ ᠪᠣᠯᠭᠠᠵᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ ᠪᠡᠯᠴᠢᠭᠡᠷ ᠢᠶᠠᠷ ᠮᠠᠯ ᠢ ᠲᠣᠭᠲᠠᠭᠠᠵᠤ᠂ ᠬᠥᠳᠡᠯᠦᠩᠭᠦᠶ ᠲᠡᠩᠴᠡᠭᠦᠷᠢᠲᠡᠶ ᠪᠠᠶᠢᠯᠭᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ  ᠡᠭᠦᠷᠢᠳᠡ  ᠶᠢᠨ ᠴᠢᠨᠠᠷᠳᠠᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠥᠭᠵᠢᠯᠲᠡ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠯᠴᠠᠨ ᠵᠣᠬᠢᠴᠠᠯᠳᠤᠬᠤ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ  ᠭᠡᠰᠡᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号