ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 126 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/5
        9 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 126 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠦᠨ ᠮᠢᠩ ᠲᠤᠤ᠂ ᠸᠠᠩ ᠵᠢᠶᠦ᠋ᠨ ᠵᠢᠶᠦ᠋ᠨ᠂ ᠬᠤ᠋ ᠹᠧᠩ ᠶᠠᠨ᠂ ᠭᠧᠩ ᠸᠧᠶ ᠳ᠋ᠦᠩ᠂ ᠵᠦ ᠴᠦᠨ ᠶᠦᠩ᠂ ᠵᠠᠩ ᠵᠢᠦ ᠫᠥᠸᠧ᠂ ᠳ᠋ᠦᠩ ᠵᠢᠦ ᠪᠢᠩ ᠬᠤᠷᠠᠯ ᠳᠤ  ᠤᠷᠤᠯᠴᠠᠪᠠ  ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠦᠭᠵᠢᠯᠲᠤ ᠵᠡᠷᠭᠡ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃         ᠬᠤᠷᠠᠯ ᠠᠴᠠ  ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ  ᠃ ᠮᠠᠨ ᠤ ᠬᠤᠰᠢᠭᠤᠨ ᠤ ᠲᠠᠪᠤᠨ ᠶᠡᠭᠡ ᠡᠭᠦᠷᠭᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠪᠤᠨ ᠶᠡᠭᠡ ᠡᠭᠦᠷᠭᠡ ᠶᠢᠨ ︽ᠬᠡᠷᠡᠭᠵᠢᠭᠦᠯᠬᠦ ᠲᠥᠰᠦᠯ  ︾᠂ ︽2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ  ︾᠂ ︽ᠣᠩᠨᠢᠭᠤᠳ ᠬᠤᠰᠢᠭᠤᠨ ᠤ ᠰᠤᠮᠤ ᠰᠢᠶᠠᠩ ᠪᠠᠯᠭᠠᠰᠤ ᠬᠢᠭᠡᠳ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠲᠤᠷᠠᠨ ᠬᠠᠮᠵᠢᠯᠴᠠᠬᠤ  ︽ᠦᠨᠳᠦᠰᠦᠨ ᠱᠠᠲᠤᠨ ᠳᠤ ᠴᠤᠭᠯᠠᠷᠠᠨ᠂  ᠡᠯ᠎ᠡ ᠰᠠᠯᠠᠭ᠎ᠠ ᠮᠥᠴᠢᠷ  ᠤᠷᠤᠯᠴᠠᠬᠤ︾ ᠠᠵᠢᠯ ᠤᠨ ᠲᠣᠭᠲᠠᠴᠠ︾᠂ ︽ᠣᠳᠣᠬᠠᠨ ᠤ ᠮᠠᠨ ᠤ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠪᠠᠶᠢᠳᠠᠯ ᠤᠨ ᠲᠤᠬᠠᠶ ᠮᠡᠳᠡᠭᠦᠯᠥᠯᠳᠡ︾  ᠶᠢ ᠬᠢᠨᠠᠨ ᠵᠥᠪᠯᠡᠵᠦ ᠪᠠᠲᠤᠯᠠᠪᠠ᠃         ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ  ᠂ ᠨᠠᠮ ᠤᠨ ᠤᠳᠤᠷᠢᠳᠬᠤ ᠳᠤᠭᠤᠶᠢᠯᠠᠩ   ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠢᠯᠵᠢᠷᠠᠬᠤ ᠠᠴᠠ ᠵᠢᠷᠦᠬᠡᠰᠢᠶᠡᠬᠦ᠂ ᠢᠯᠵᠢᠷᠡᠵᠤ ᠪᠣᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠲᠦᠪᠰᠢᠨ ᠲᠣᠭᠲᠠᠭᠤᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ  ᠭᠡᠵᠡᠢ᠃      ᠬᠤᠷᠠᠯ ᠠᠴᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠲᠡᠰ ᠳᠡᠪᠰᠢᠭᠦᠯᠦᠨ ᠥᠭᠡᠷᠡᠴᠢᠯᠡᠬᠦ ᠶᠢ ᠴᠢᠩᠭᠠᠳᠬᠠᠵᠤ᠂ ᠪᠡᠶ᠎ᠡ  ᠲᠠᠮᠢᠷ ᠤᠨ ᠲᠥᠬᠦᠭᠡᠷᠦᠮᠵᠢ ᠶᠢ ᠪᠠᠶᠢᠴᠠᠭᠠᠬᠤ ᠪᠠ ᠬᠠᠮᠠᠭᠠᠯᠠᠨ ᠰᠢᠨᠡᠳᠬᠡᠬᠦ ᠶᠢ ᠴᠢᠩᠭᠠᠳᠬᠠᠵᠤ ᠂ ᠠᠮᠤᠷ ᠲᠦᠪᠰᠢᠨ ᠴᠢᠨᠠᠷ᠂ ᠨᠠᠶᠢᠳᠠᠪᠤᠷᠢᠲᠤ ᠴᠢᠨᠠᠷ ᠢ ᠪᠠᠲᠤᠯᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠪᠡᠶ᠎ᠡ  ᠲᠠᠮᠢᠷ ᠤᠨ ᠪᠣᠯᠪᠠᠰᠤᠷᠠᠯ ᠪᠠ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ᠃ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠲᠥᠯᠥᠪᠵᠢᠭᠦᠯᠦᠨ ᠡᠷᠭᠢᠯᠡᠵᠦ᠂ ᠲᠠᠷᠢᠶᠠᠯᠠᠩ  ᠮᠠᠯᠵᠢᠯ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠡᠶ᠎ᠡ  ᠲᠠᠮᠢᠷ ᠤᠨ ᠤᠷᠤᠯᠳᠤᠭᠠᠨ ᠢ ︽ᠪᠡᠶ᠎ᠡ  ᠲᠠᠮᠢᠷ ᠤᠨ ᠵᠢᠭᠤᠯᠴᠢᠯᠠᠯ︾  ᠲᠠᠢ ᠠᠭᠤᠰᠤᠯᠴᠠᠭᠤᠯᠤᠨ  ᠬᠦᠭᠵᠢᠭᠦᠯᠵᠥ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃       ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ  ᠨᠤᠷᠮ᠎ᠠ ᠶᠢᠨ ᠠᠵᠢᠯᠯᠠᠭᠠᠨ ᠤ ᠪᠠᠶᠢᠳᠠᠯ ᠢ ᠴᠢᠩᠭ᠎ᠠ ᠠᠩᠬᠠᠷᠴᠤ᠂ ᠲᠤᠬᠢᠷᠠᠭᠤᠯᠬᠤ ᠡᠷᠴᠢᠮ ᠢᠶᠠᠨ  ᠴᠢᠩᠭᠠᠷᠠᠭᠤᠯᠤᠨ᠂ ᠪᠦᠬᠦ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠨᠤᠷᠮ᠎ᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠠᠵᠤ ᠦᠢᠯᠡᠳᠪᠦᠷᠢ ᠶᠢ ᠶᠡᠭᠡ ᠪᠠᠷ ᠠᠳᠬᠤᠵᠤ᠂  ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠵᠤ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠬᠦᠴᠦᠯᠡᠬᠦ ᠴᠡᠭ  ᠪᠤᠯᠭᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠤᠷᠳᠤᠴᠠ ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠦᠢᠯᠡᠳᠪᠦᠷᠢ ᠶᠢᠨ ᠰᠠᠭᠤᠷᠢ ᠪᠠᠭᠤᠷᠠᠢ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠤᠳᠠᠭᠠᠨ᠂ ᠶᠡᠷᠦᠩᠬᠡᠢ ᠬᠡᠮᠵᠢᠶ᠎ᠡ ᠶᠡᠭᠡ ᠪᠢᠰᠢ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠲᠤᠮᠤ ᠬᠤᠰᠢᠭᠤ ᠶᠢ ᠠᠯᠬᠤᠮ ᠠᠯᠬᠤᠮ ᠢᠶᠠᠷ ᠪᠦᠳᠦᠭᠡᠨ ᠪᠠᠶᠢᠭᠤᠯᠬᠤ ᠬᠡᠷᠡᠭᠲᠡᠢ᠃ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠤᠯᠠᠷᠢᠭᠤᠯᠤᠨ ᠠᠰᠢᠭᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠰᠢᠭᠤᠨ ᠤ ᠪᠦᠲᠦᠭᠡᠨ ᠪᠠᠶᠢᠭᠤᠯᠤᠯᠲᠠ᠂ ᠭᠠᠳᠠᠭᠠᠳᠤ ᠨᠡᠭᠡᠭᠡᠯᠲᠡ᠂ ᠠᠮᠤᠷ ᠲᠦᠪᠰᠢᠨ ᠲᠣᠭᠲᠠᠭᠤᠨ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠵᠤ᠂ ᠲᠠᠪᠤᠨ ᠶᠡᠭᠡ ᠡᠭᠦᠷᠭᠡ ᠶᠢᠨ ᠬᠢᠨᠠᠨ ᠰᠢᠯᠭᠠᠯᠲᠠ ᠳᠤ ᠰᠠᠶᠢᠨ ᠠᠮᠵᠢᠯᠲᠠ ᠣᠯᠬᠤ ᠶᠢ ᠴᠢᠷᠮᠠᠶᠢᠨ ᠠᠬᠢᠭᠤᠯᠵᠤ᠂ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠡᠮᠦᠨ᠎ᠡ ᠡᠩᠨᠡᠭᠡᠨ ᠳᠤ  ᠤᠷᠤᠬᠤ ᠪᠠᠷ ᠴᠢᠷᠮᠠᠶᠢᠬᠤ ᠬᠡᠷᠡᠭᠲᠡᠢ  ᠭᠡᠵᠥ ᠱᠠᠭᠠᠷᠳᠠᠭᠰᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号