ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/5
        9 ᠰᠠᠷ᠎ᠠ ᠶᠢᠨ 2 ᠤ ᠡᠳᠦᠷ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠮᠥᠩᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠦᠨ ᠮᠢᠩ ᠲᠤᠤ ᠬᠤᠷᠠᠯ ᠡᠷᠭᠢᠯᠡᠪᠡ᠃         ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠤᠭᠤᠰᠢᠯᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠠᠩ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠨᠠᠩ ᠰᠠᠨᠠᠭᠠᠴᠢᠯᠠᠭ᠎ᠠ ᠲᠠᠢ ᠣᠪᠣᠷ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠡᠢ᠃         ᠬᠤᠷᠠᠯ ᠠᠴᠠ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠪᠦᠳᠦᠭᠡᠨ ᠪᠠᠶᠢᠭᠤᠯᠤᠯᠲᠠ᠂ ᠡᠯᠡᠰᠦ ᠶᠢ ᠰᠡᠷᠭᠡᠶᠢᠯᠡᠨ ᠵᠠᠰᠠᠬᠤ ᠵᠡᠷᠭᠡ ᠠᠮᠢ ᠠᠬᠤᠢ ᠶᠢᠨ ᠲᠦᠷᠦᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠬᠦ ᠬᠡᠷᠡᠭᠳᠡᠢ᠂ ᠂ ᠡᠯᠡᠰᠦ ᠶᠢ ᠰᠡᠷᠭᠡᠶᠢᠯᠡᠨ ᠵᠠᠰᠠᠬᠤ ᠲᠦᠷᠦᠯ ᠵᠦᠢᠯ ᠤᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠢᠯ ᠳᠤ 35 ᠲᠦᠮᠡᠨ ᠮᠦ ᠠᠴᠠ ᠳᠡᠭᠡᠭᠰᠢᠬᠢ ᠵᠠᠰᠠᠨ ᠨᠤᠭᠤᠭᠠᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠰᠠᠭᠤᠭᠠᠯᠢ ᠣᠷᠴᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠥ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠂ ᠪᠣᠬᠢᠷ ᠤᠰᠤ ᠶᠢ ᠰᠢᠢᠳᠪᠥᠷᠢᠯᠡᠬᠦ᠂ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠶ᠋ᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠡᠢ᠃          ᠬᠤᠷᠠᠯ ᠳᠡᠭᠡᠷ᠎ᠡ᠂ ᠡᠯ᠎ᠡ ᠳᠡᠳ᠋ ᠬᠤᠰᠢᠭᠤᠨ ᠳᠠᠷᠤᠭ᠎ᠠ ᠨᠠᠷ ᠠᠴᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠢᠶᠠᠨ ᠬᠡᠪᠴᠢᠶᠡᠨ ᠳᠠᠬᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ︔ ᠬᠤᠷᠠᠯ ᠠᠴᠠ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠬᠠᠮᠢᠶᠠᠷᠤᠯᠳᠠ ᠶᠢᠨ ᠲᠤᠪᠴᠢᠶᠠᠨ ᠤ ᠦᠪᠥᠷ ᠮᠤᠩᠭᠤᠯ ᠳᠤ ᠰᠠᠭᠤᠭ᠎ᠠ ᠲᠤᠰᠬᠠᠢ ᠬᠢᠨᠠᠨ ᠪᠠᠶᠢᠴᠠᠭᠠᠬᠤ ᠬᠡᠷᠡᠭ ᠡᠷᠬᠢᠯᠡᠬᠦ ᠭᠠᠵᠠᠷ ᠤᠨ ᠣᠶ ᠰᠢᠭᠤᠶ ᠡᠪᠡᠰᠦ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ︔ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠲᠠᠯᠠᠪᠠᠶ ᠣᠶ ᠰᠢᠭᠤᠶ ᠡᠪᠡᠰᠦ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃         ᠭᠤᠤ ᠶᠦᠩ ᠡᠤ᠂ ᠸᠠᠩ ᠵᠢᠶᠦ᠋ᠨ ᠵᠢᠶᠦ᠋ᠨ᠂ ᠵᠦ ᠴᠦᠨ ᠶᠦᠩ᠂ ᠴᠠᠭᠠᠨᠪᠠᠭᠠᠳᠤᠷ᠂ ᠳ᠋ᠠᠢ ᠢᠦᠢ ᠬᠤᠸᠠ ᠂ ᠸᠠᠩ ᠶᠦᠩ ᠯᠢ᠂ ᠳᠤᠪᠳᠤᠠᠰᠡᠩᠭᠡ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号