ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/5
       9 ᠰᠠᠷ᠎ᠠ ᠶᠢᠨ 3 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ︔ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠥᠭᠵᠢᠯᠲᠦ ᠬᠤᠷᠠᠯ ᠡᠷᠭᠢᠯᠡᠵᠦ ᠶᠠᠷᠢᠶ᠎ᠠ ᠲᠠᠯᠪᠢᠪᠠ ᠃ ᠳᠡᠳ᠋ ᠲᠡᠷᠢᠭᠦᠯᠡᠭᠴᠢ ᠯᠢ ᠶᠠᠨ᠂ ᠰᠠᠶᠢᠨᠪᠠᠲᠤ᠂ ᠶᠠᠩ ᠪᠦᠦ ᠰᠧᠨ ᠬᠤᠷᠠᠯ ᠳᠤ ᠣᠷᠣᠯᠴᠠᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢᠶᠠᠩ ᠤᠷᠢᠯᠭ᠎ᠠ ᠪᠠᠷ ᠬᠤᠷᠠᠯ ᠳᠤ ᠣᠷᠣᠯᠴᠠᠪᠠ᠃       ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ 2023 ᠣᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ ︽ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠲᠣᠭᠤᠷᠢᠨ ᠳᠤ ᠲᠤᠰᠬᠠᠶ ᠰᠡᠳᠦᠪ ᠢᠶᠠᠷ ᠵᠥᠪᠯᠡᠪᠡ︔ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠪᠥᠬᠦ ᠬᠤᠰᠢᠭᠤᠨ ᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠭᠰᠠᠨ ᠬᠤᠯᠪᠣᠭᠳᠠᠯ ᠪᠥᠬᠦᠶ ᠪᠠᠶᠢᠳᠠᠯ ᠢ ᠮᠡᠳᠡᠭᠳᠡᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠪᠦᠦ ᠰᠧᠨ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠵᠥᠪᠯᠡᠬᠦ ᠭᠤᠣᠯ ᠰᠡᠳᠦᠪ ᠤᠨ ᠲᠣᠭᠤᠷᠢᠨ ᠳᠤ ᠥᠪᠡᠷ ᠤᠨ ᠦᠵᠡᠯᠲᠡ ᠪᠠᠨ ᠶᠠᠷᠢᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ᠂ ᠰᠠᠨᠠᠯ ᠰᠠᠨᠠᠭᠤᠯᠭ᠎ᠠ ᠳᠤᠷᠠᠳᠴᠠᠢ᠃        ᠬᠤᠷᠠᠯ ᠠᠴᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃        ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠪᠠᠶᠢᠩᠭᠤ ᠶᠢᠨ ᠭᠡᠰᠢᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ ︾ ᠢ ᠪᠠᠲᠤ ᠴᠡᠭᠡᠵᠢᠯᠡᠵᠦ᠂ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠶᠢᠨ ᠲᠣᠭᠤᠷᠢᠨ ᠳᠤ ᠢᠯᠡᠭᠦᠬᠡᠨ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ᠂ ᠣᠯᠠᠨ ᠲᠦᠮᠡᠨ ᠲᠠᠢ ᠬᠠᠷᠢᠯᠴᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ ᠢᠯᠡᠭᠦᠬᠡᠨ ᠬᠢᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠥᠷᠭᠡᠨ ᠢᠶᠠᠷ ᠳᠠᠶᠢᠴᠢᠯᠠᠨ ᠬᠤᠷᠴᠢᠨ ᠤ ᠡᠯᠡᠰᠦᠷᠬᠡᠭ ᠭᠠᠵᠠᠷ ᠤᠨ ︽ᠰᠥᠨᠥᠭᠡᠬᠦ ᠳᠠᠶᠢᠯᠠᠯᠳᠤᠭᠠᠨ︾ ᠳᠤ ᠢᠳᠡᠪᠬᠢᠲᠡᠶ ᠣᠷᠣᠯᠴᠠᠭᠤᠯᠵᠤ᠂ ᠡᠯᠡᠰᠦᠷᠬᠡᠭᠵᠢᠯ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号