ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯᠳᠤᠭᠠᠨ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/10
      ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ  ᠬᠤᠷᠠᠯᠳᠤᠭᠠᠨ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 6 ᠤ ᠡᠳᠦᠷ ᠪᠣᠷᠣᠬᠤᠲᠠ ᠳᠤ ᠬᠤᠷᠠᠯᠳᠤᠪᠠ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠠᠩᠬᠠᠳᠤᠭᠠᠷ ᠤᠳᠠᠭᠠᠨ ᠤ ᠪᠥᠬᠦᠳᠡ ᠬᠤᠷᠠᠯᠳᠤᠭᠠᠨ ᠢ ᠡᠷᠬᠢᠯᠡᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠥᠬᠦᠳᠡ ᠬᠤᠷᠠᠯᠳᠤᠭᠠᠨ ᠳᠤ ᠠᠵᠢᠯ ᠤᠨ ᠮᠡᠳᠡᠭᠦᠯᠦᠯᠲᠡ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ ᠬᠤᠷᠠᠯ ᠳᠤ ᠣᠷᠣᠯᠴᠠᠪᠠ᠃     ᠲᠤᠰ  ᠤᠳᠠᠭᠠᠨ ᠤ ᠪᠥᠬᠦᠳᠡ ᠬᠤᠷᠠᠯ ᠤᠨ ᠭᠤᠤᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ   ᠳᠤᠭᠤᠰᠢᠯᠠᠭᠤᠯᠤᠨ᠎ᠠ᠃  ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠳᠤᠭᠤᠰᠢᠯᠠᠭᠤᠯᠤᠨ  ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ  ᠬᠤᠷᠢᠶᠠᠨ ᠤ ᠥᠩᠭᠡᠷᠡᠭᠰᠡᠨ ᠨᠢᠭᠡ ᠵᠢᠯ ᠤᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ  ᠰᠤᠨᠤᠰᠤᠨ  ᠶᠠᠷᠢᠯᠴᠠᠵᠤ᠂ ︽ ᠨᠢᠭᠡᠳᠥᠭᠡᠷ ᠠᠵᠤ ᠦᠢᠯᠡᠰ ᠢ ᠰᠢᠯᠢᠳᠡᠭᠵᠢᠭᠦᠯᠥᠨ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠬᠦᠴᠥᠷᠬᠡᠭᠵᠢᠭᠦᠯᠥᠨ ᠪᠤᠵᠠᠭᠠᠶᠢᠷᠠᠭᠤᠯᠵᠤ᠂ ᠭᠤᠷᠪᠠᠳᠤᠭᠠᠷ ᠠᠵᠤ ᠦᠢᠯᠡᠰ ᠢ  ᠠᠮᠢᠳᠤᠯᠢᠭᠵᠢᠭᠤᠯᠤᠨ ᠬᠦᠭᠵᠢᠭᠦᠯᠬᠦ︾ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠥᠭᠵᠢᠯᠲᠡ ᠶᠢᠨ ᠴᠢᠭᠯᠡᠯ  ᠪᠤᠯᠭᠠᠨ᠎ᠠ᠃  ᠡᠭᠦᠨ ᠤ ᠬᠠᠮᠲᠤ 2025 ᠣᠨ ᠤ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃    
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号