ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠣᠷᠣᠯᠴᠠᠭᠠᠳ ᠬᠠᠯᠠᠭᠤᠨ ᠲᠤᠰᠬᠠᠯ  ᠭᠠᠷᠴᠤ ᠪᠠᠶᠢᠨ᠎ᠠ
ᠨᠡᠶᠢᠲᠡᠯᠡᠭᠰᠡᠨ ᠴᠠᠭ᠄
2025/1/10
     ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 1 ᠰᠠᠷ᠎ᠠ ᠶᠢᠨ 6 ᠤ ᠡᠳᠦᠷ ᠪᠤᠷᠤᠬᠤᠲᠠ ᠳᠤ ᠬᠤᠷᠠᠯᠳᠤᠵᠤ᠂ 2024 ᠣᠨ ᠤ ᠠᠵᠢᠯ ᠢᠶᠠᠨ ᠪᠥᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠭᠦᠨᠵᠡᠭᠡᠶ ᠵᠠᠳᠠᠯᠤᠨ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠠᠵᠢᠯ ᠢ ᠪᠠᠶᠢᠷᠢᠯᠠᠭᠤᠯᠪᠠ᠃ ᠪᠦᠭᠦᠳᠡ ᠬᠤᠷᠠᠯ ᠤᠨ ᠵᠣᠷᠢᠭ ᠰᠠᠨᠠᠭ᠎ᠠ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠳᠤᠮᠳᠠ ᠴᠢᠩᠭ᠎ᠠ ᠲᠤᠰᠬᠠᠯ ᠭᠠᠷᠴᠤ  ᠂ ᠤᠯᠠᠨ ᠢᠶᠠᠷ ᠢᠶᠠᠨ ᠬᠠᠮᠲᠤ ᠶᠢᠨ ᠲᠠᠨᠢᠯᠲᠠ ᠪᠠᠨ ᠤᠯᠠᠮ ᠴᠢᠨᠠᠭᠰᠢᠳᠠ ᠨᠢᠭᠲᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂  ᠰᠢᠷᠭᠠᠭᠤ ᠠᠵᠢᠯᠯᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠩᠨᠢᠭᠤᠳ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃     ᠬᠤᠰᠢᠭᠤᠨ ᠤ ᠬᠦᠭᠵᠢᠯᠳᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠶᠣᠣ ᠵᠥᠩ ᠶᠦᠨ ᠶᠠᠷᠢᠶᠠᠨ  ᠳᠠᠭᠠᠨ  ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠪᠢᠳᠡ 2025 ᠤᠨ ᠳᠤ ᠲᠥᠷᠥᠯ ᠵᠦᠢᠯ ᠢ ᠲᠥᠯᠥᠪᠵᠢᠭᠦᠯᠵᠦ ᠨᠥᠭᠡᠴᠡᠯᠡᠬᠦ  ᠂ ᠲᠥᠷᠥᠯ ᠵᠦᠢᠯ ᠢ ᠠᠬᠢᠭᠤᠯᠬᠤ  ᠂ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠤᠯᠬᠤ  ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ  ᠬᠢᠨ᠎ᠡ ᠭᠡᠵᠡᠢ᠃     ᠬᠤᠰᠢᠭᠤᠨ ᠤ  ᠠᠷᠠᠯᠵᠢᠶ᠎ᠠ ᠬᠤᠳᠠᠯᠳᠤᠭ᠎ᠠ ᠪᠠᠯᠠ ᠣᠷᠣᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠪᠦᠦ ᠶᠢᠩ ᠴᠦᠨ ᠶᠠᠷᠢᠬᠤ ᠳᠠᠭᠠᠨ  ᠪᠢᠳᠡ ᠬᠤᠷᠠᠯ ᠤᠨ ᠵᠤᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠦᠯᠥᠭᠡ  ᠠᠷᠠᠯᠵᠢᠶᠠᠴᠢᠨ ᠤᠷᠢᠬᠤ  ᠤᠯᠠᠮᠵᠢᠯᠠᠯᠳᠤ  ᠬᠡᠯᠪᠡᠷᠢ ᠢᠶᠠᠨ ᠣᠷᠴᠢᠨ ᠲᠣᠭᠤᠷᠢᠨ ᠤ  ᠂ ᠪᠦᠬᠦ  ᠲᠠᠯ᠎ᠠ ᠶᠢᠨ ᠬᠠᠩᠭᠠᠯᠭ᠎ᠠ ᠶᠢᠨ ᠠᠷᠠᠯᠵᠢᠶᠠᠴᠢᠨ ᠤᠷᠢᠬᠤ ᠲᠡᠰᠢ ᠬᠤᠪᠢᠷᠠᠭᠤᠯᠤᠨ᠎ᠠ᠃   ᠠᠷᠠᠯᠵᠢᠶ᠎ᠠ ᠡᠵᠡᠩᠨᠡᠬᠦ  ᠴᠢᠨᠠᠷ ᠰᠠᠶᠢᠲᠠᠶ  ᠣᠷᠴᠢᠨ ᠨᠥᠬᠦᠴᠡᠯ ᠪᠣᠯᠤᠨ  ᠠᠷᠠᠯᠵᠢᠶᠠᠴᠢᠨ ᠤᠷᠢᠬᠤ ᠰᠠᠶᠢᠨ ᠰᠠᠶᠢᠬᠠᠨ ᠠᠭᠤᠷ ᠠᠮᠢᠰᠬᠤᠯ ᠢ  ᠦᠷᠭᠦᠯᠵᠢᠯᠡᠨ ᠪᠣᠶ ᠪᠣᠯᠭᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠢ ᠨᠡᠮᠡᠭᠳᠡᠭᠦᠯᠦᠨ᠎ᠡ᠃  ᠰᠢᠨ᠎ᠡ ᠡᠨᠧᠷᠭᠢ᠂ ᠠᠭᠤᠷᠬᠠᠶ ᠶᠢᠨ ᠦᠢᠯᠡᠰ᠂ ᠲᠡᠮᠦᠷᠯᠢᠭ ᠬᠠᠶᠢᠯᠤᠭᠤᠯᠬᠤ᠂ ᠰᠠᠯᠬᠢ ᠭᠡᠷᠡᠯ ᠤᠰᠤᠲᠥ᠋ᠷᠥᠭᠴᠢ ᠶᠢ ᠬᠠᠳᠠᠭᠠᠯᠠᠬᠤ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ᠂ ᠲᠠᠷᠢᠶᠠᠯᠠᠩ ᠤᠨ ᠪᠦᠲᠦᠭᠡᠭᠳᠡᠬᠦᠨ  ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ  ᠠᠵᠤ ᠦᠢᠯᠡᠰ ᠤᠨ ᠲᠣᠭᠤᠷᠢᠨ ᠳᠤ  ᠭᠤᠤᠯᠳᠠᠯᠭ᠎ᠠ ᠲᠠᠢ ᠰᠢᠪᠲᠤᠯᠤᠯᠳᠠ ᠭᠠᠷᠭᠠᠨ᠎ᠠ᠃ ᠡᠭᠦᠨ ᠤ ᠬᠠᠮᠲᠤ᠂ ᠬᠤᠲᠠ ᠬᠥᠳᠡᠭᠡ ᠶᠢᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠠᠯᠠᠮᠰᠢᠯ ᠴᠡᠭ ᠢ ᠪᠣᠶ  ᠪᠤᠯᠭᠠᠨ᠂ ᠣᠯᠠᠨ ᠡᠰᠢᠲᠦ ᠬᠡᠷᠡᠭᠯᠡᠭᠡᠨ ᠤ ᠲᠠᠯᠠᠪᠠᠶ ᠶᠢᠨ ᠰᠢᠨ᠎ᠡ ᠶᠢ ᠡᠭᠦᠳᠴᠦ᠂ ᠪᠥᠬᠦ ᠬᠤᠰᠢᠭᠤᠨ ᠤ ᠠᠵᠤ ᠠᠬᠤᠶ ᠶᠢᠨ ᠰᠢᠨ᠎ᠡ  ᠬᠦᠳᠡᠯᠭᠡᠬᠦ ᠬᠦᠴᠥᠨ  ᠢ ᠪᠥᠬᠦ ᠲᠠᠯ᠎ᠠ ᠪᠠᠷ  ᠬᠦᠭᠵᠢᠭᠡᠨ᠎ᠡ ᠭᠡᠪᠡ᠃     ᠪᠥᠬᠦᠳᠡ ᠬᠤᠷᠠᠯ ᠠᠴᠠ᠂ ᠣᠳᠣᠬᠠᠨ   ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠥᠭᠵᠢᠯᠲᠡ ᠶᠢᠨ ᠴᠢᠭᠯᠡᠯ ᠪᠣᠯ᠄ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂  ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ ᠠᠮᠢᠳᠤᠯᠢᠭᠵᠢᠭᠤᠯᠤᠨ ᠬᠦᠭᠵᠢᠭᠦᠯᠥᠨ᠎ᠡ᠃  ᠲᠠᠷᠢᠶᠠᠯᠠᠩ ᠮᠠᠯ ᠠᠵᠤ ᠠᠬᠤᠢ ᠶᠢᠨ ᠪᠦᠬᠦ  ᠬᠡᠯᠬᠢᠶᠡᠵᠢᠯ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ  ᠶᠠᠪᠤᠳᠠᠯ ᠪᠤᠯᠤᠨ᠎ᠠ ᠭᠡᠪᠡ  ᠃     ᠪᠣᠷᠣᠬᠤᠲᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠢᠦᠶ ᡁᠢ ᠾᠦᠢ ᠶᠠᠷᠢᠶᠠᠨ ᠳᠠᠭᠠᠨ 2025 ᠣᠨ ᠳᠤ ᠪᠢᠳᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠵᠢᠯᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ  ᠠᠬᠢᠭᠤᠯᠬᠤ᠂  ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠦᠰᠡ ᠶᠢ ᠪᠣᠶ  ᠪᠤᠯᠭᠠᠬᠤ᠂  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ  ᠦᠷᠨᠢᠭᠦᠯᠬᠦ᠂ ᠬᠥᠳᠡᠭᠡ ᠲᠣᠰᠬᠤᠨ ᠤ ᠠᠵᠤ ᠦᠢᠯᠡᠰ ᠤᠨ ᠰᠠᠭᠤᠷᠢ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠤ  ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠪᠠᠶᠢᠩᠭᠤᠵᠢᠭᠤᠯᠤᠨ ᠥᠷᠨᠢᠭᠦᠯᠵᠦ᠂ ᠪᠣᠷᠣᠬᠤᠲᠠ ᠪᠠᠯᠭᠠᠰᠤ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ  ᠪᠤᠢ ᠪᠤᠯᠭᠠᠨ᠎ᠠ ᠭᠡᠰᠡᠨ ᠪᠠᠶᠢᠨ᠎ᠠ᠃     ᠰᠢᠨᠡᠰᠦ᠋ᠮ᠎ᠡ ᠰᠤᠮᠤ ᠶᠢᠨ ᠨᠠᠮ ᠤᠨ ᠬᠤᠷᠢᠶᠠᠨ ᠤ ᠱᠦᠵᠢ ᠤᠳᠬᠤᠨᠪᠠᠶᠠᠷ ᠶᠠᠷᠢᠬᠤ ᠳᠠᠭᠠᠨ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ᠂ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠡᠪᠡᠰᠦ ᠪᠣᠷᠳᠣᠭᠠᠨ ᠤ ᠲᠥᠪ ᠪᠣᠯᠤᠨ ᠠᠮᠤ ᠪᠤᠳᠠᠭ᠎ᠠ ᠶᠢ ᠬᠠᠭᠰᠠᠭᠠᠨ ᠬᠠᠳᠠᠭᠠᠯᠠᠬᠤ ᠵᠢᠴᠢ ᠠᠷᠠᠯᠵᠢᠶᠠᠨ ᠤ ᠲᠥᠪ ᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠭᠠᠷᠳᠠᠴᠠ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠶᠢ ᠪᠠᠬᠢᠵᠢᠭᠦᠯᠵᠦ᠂ ᠲᠠᠷᠢᠶᠠᠯᠠᠩ ᠤᠨ ᠭᠤᠤᠯᠯᠠᠬᠤ ᠠᠵᠤ ᠦᠢᠯᠡᠰ ᠤᠨ ︽ᠦᠨᠳᠦᠰᠦᠨ ᠪᠠᠶᠢᠳᠠᠯ︾ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ᠂  ᠪᠣᠳᠠᠲᠤ ᠦᠷ᠎ᠡ ᠪᠦᠲᠦᠮᠵᠢ ᠪᠠᠷ ᠢᠶᠠᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ  ᠰᠢᠨᠡᠰᠦ᠋ᠮ᠎ᠡ  ᠶᠢᠨ ᠬᠦᠴᠦᠨ ᠴᠢᠳᠠᠯ ᠢᠶᠠᠨ ᠡᠷᠭᠦᠨ᠎ᠡ  ᠭᠡᠪᠡ᠃    ᠴᠢᠤᠸᠠᠨ ᠨᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ᠤᠨ ᠱᠦᠵᠢ ᠼᠦᠢ ᠶᠠᠨ ᠪᠥᠸᠧ ᠢᠯᠡᠳᠭᠡᠬᠦ ᠳᠡᠭᠡᠨ ᠲᠤᠯᠭᠠᠭᠤᠷᠢᠯᠠᠬᠤ ᠠᠵᠤ ᠦᠢᠯᠡᠰ ᠢ  ᠠᠬᠢᠭᠤᠯᠤᠨ  ᠂ ᠴᠢᠬᠤᠯᠠ ᠶᠡᠭᠡ ᠲᠥᠷᠥᠯ  ᠵᠦᠢᠯ ᠳᠤ ᠭᠠᠵᠠᠷ ᠬᠡᠷᠡᠭᠯᠡᠬᠦ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂  ᠲᠣᠰᠬᠤᠨ ᠤ ᠠᠷᠠᠳ ᠤᠨ ᠪᠠᠭᠤᠳᠠᠯ ᠪᠠ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠵᠤ  ᠦᠢᠯᠡᠰ ᠢ ᠪᠥᠬᠦ ᠬᠦᠴᠦᠨ ᠢᠶᠠᠷ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ  ᠭᠡᠪᠡ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号