| | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ | ᠬᠤᠷᠠᠯ ᠠᠴᠠ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠨᠠᠩ ᠰᠠᠶᠢᠨ ᠨᠠᠩ | ᠲᠦᠷᠭᠡᠨ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠣᠳᠣᠬᠠᠨ ᠳᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠥᠭᠵᠢᠯᠲᠡ ᠶᠢᠨ ᠴᠢᠭᠯᠡᠯ ᠪᠣᠯ᠄ ᠨᠢᠭᠡᠳᠦᠭᠡᠷ | ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ ᠠᠮᠢᠳᠤᠯᠢᠭᠵᠢᠭᠤᠯᠤᠨ ᠬᠦᠭᠵᠢᠭᠦᠯᠬᠦ ᠶᠠᠪᠤᠳᠠᠯ ᠪᠤᠯᠤᠨ᠎ᠠ | ᠭᠡᠵᠥ ᠳᠤᠷᠠᠳᠤᠨ ᠭᠠᠷᠭᠠᠪᠠ᠃ | ᠪᠥᠬᠦᠳᠡ ᠬᠤᠷᠠᠯᠳᠤᠭᠠᠨᠡᠴᠠ ᠴᠢᠬᠤᠯᠠᠴᠢᠯᠠᠭᠰᠠᠨ ᠨᠢ᠂ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠦᠨ | ᠨᠠᠷᠢᠯᠢᠭᠵᠢᠭᠤᠯᠵᠤ ᠂ ᠬᠡᠪᠴᠢᠶᠡᠵᠢᠭᠦᠯᠬᠦ᠂ ᠤᠶᠤᠨᠴᠢᠯᠠᠬᠤ᠂ ᠨᠡᠷᠡᠲᠦ ᠲᠡᠮᠳᠡᠭᠵᠢᠭᠦᠯᠬᠦ ᠬᠥᠭᠵᠢᠯᠲᠡ ᠶᠢᠨ ᠴᠢᠭᠯᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠲᠥᠬᠦᠭᠡᠷᠦᠮᠵᠢ ᠶᠢ ᠬᠦᠴᠦᠷᠬᠡᠭᠵᠢᠭᠦᠯᠬᠦ᠂ ᠳᠠᠭᠠᠭᠤᠯᠤᠭᠴᠢ ᠶᠢ ᠪᠤᠶᠢᠵᠢᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ᠂ ᠨᠡᠷᠡᠲᠦ ᠲᠡᠮᠳᠡᠭ ᠢ ᠪᠤᠵᠠᠭᠠᠶᠢᠷᠠᠭᠤᠯᠬᠤ᠂ ᠵᠠᠬ᠎ᠠ | ᠳᠡᠯᠭᠡᠭᠦᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠪᠦᠲᠦᠭᠡᠭᠳᠡᠬᠦᠨ | ᠮᠠᠯᠵᠢᠯ ᠤᠨ ᠠᠰᠢᠭ ᠰᠢᠮ᠎ᠡ ᠶᠢᠨ ᠲᠤᠭ᠎ᠠ ᠬᠡᠮᠵᠢᠶ᠎ᠡ ᠶᠢᠨ ᠨᠡᠮᠡᠭᠳᠡᠯ ᠠᠴᠠ ᠶᠠᠰᠤ ᠴᠢᠨᠠᠷ ᠤᠨ ᠳᠡᠭᠡᠭᠰᠢᠯᠡᠯᠲᠡ ᠲᠡᠰᠢ | ᠬᠤᠪᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠲᠤᠮᠤ ᠬᠤᠰᠢᠭᠤ ᠶᠢ ᠲᠠᠷᠢᠶᠠᠯᠠᠩ ᠮᠠᠯ ᠠᠵᠤ ᠠᠬᠤᠢ ᠶᠢᠨ | ᠬᠦᠴᠦᠷᠬᠡᠭ ᠬᠤᠰᠢᠭᠤ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠶᠠᠳᠤᠭᠠᠷ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠡᠨᠧᠷᠭᠢ᠂ ᠲᠡᠮᠦᠷᠯᠢᠭ ᠬᠠᠶᠢᠯᠤᠭᠤᠯᠬᠤ᠂ ᠠᠭᠤᠷᠬᠠᠶ ᠶᠢᠨ | ᠦᠢᠯᠡᠰ ᠤᠨ ᠠᠵᠤ ᠠᠬᠤᠶ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠤᠨ | ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠶ ᠶᠢᠨ ᠠᠵᠤ ᠦᠢᠯᠡᠰ ᠢ ᠲᠣᠪᠤᠶᠢᠮ᠎ᠠ ᠰᠠᠶᠢᠲᠤᠷ ᠠᠳᠬᠤᠵᠤ᠂ | ᠤᠰᠤᠳᠦ᠋ᠷᠥᠭᠴᠢᠳᠥ ᠡᠨᠧᠷᠭᠢ᠂ ᠡᠨᠧᠷᠭᠢ ᠬᠠᠳᠠᠭᠠᠯᠠᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ᠂ ᠠᠮᠢᠳᠤ | ᠪᠣᠳᠠᠰ ᠤᠨ ᠦᠢᠯᠡᠳᠬᠡᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ | ᠢᠷᠡᠭᠡᠳᠦᠶ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠦᠢᠯᠡᠳᠪᠥᠷᠢ ᠶᠢᠨ ᠲᠤᠯᠭᠠᠭᠤᠷᠢᠯᠠᠯ | ᠢ ᠡᠷᠲᠡ ᠨᠢᠭᠡᠨ ᠡᠳᠥᠷ ᠪᠤᠢ ᠪᠤᠯᠭᠠᠬᠤ ᠬᠡᠷᠡᠭᠳᠡᠢ᠃ ᠭᠤᠷᠪᠠᠳᠤᠭᠠᠷ ᠠᠵᠤ ᠦᠢᠯᠡᠰ ᠢ ᠠᠮᠢᠳᠤᠯᠢᠭᠵᠢᠭᠤᠯᠤᠨ | ᠬᠦᠭᠵᠢᠭᠦᠯᠵᠥ᠂ ᠲᠠᠷᠢᠶᠠᠯᠠᠩ ᠰᠣᠶᠣᠯ ᠵᠢᠭᠤᠯᠴᠢᠯᠠᠯ ᠠᠷᠠᠯᠵᠢᠶᠠᠨ ᠤ ᠡᠬᠢ ᠪᠠᠶᠠᠯᠢᠭ ᠢ ᠠᠮᠢᠳᠤᠯᠢᠭ ᠪᠣᠯᠭᠠᠨ᠂ | ᠬᠥᠮᠦᠨ ᠠᠮᠠ ᠪᠠ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠬᠡᠷᠡᠭᠯᠡᠭᠡᠨ ᠤ ᠱᠤᠭᠤᠮ ᠢ ᠴᠢᠩᠭ᠎ᠠ | ᠠᠩᠬᠠᠷᠴᠤ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ᠨᠡᠩ ᠣᠯᠠᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠪᠠᠶᠢᠳᠠᠯ ᠢ ᠢᠳᠡᠪᠬᠢᠲᠡᠶ ᠥᠷᠭᠡᠳᠬᠡᠨ᠂ | ᠭᠤᠷᠪᠠᠳᠤᠭᠠᠷ ᠠᠵᠤ ᠦᠢᠯᠡᠰ ᠤᠨᠦᠢᠯᠡᠴᠢᠯᠡᠭᠡᠨ ᠤ ᠦᠢᠯᠡᠰ ᠢ ᠠᠮᠢᠳᠤᠯᠢᠭᠵᠢᠭᠤᠯᠤᠨ ᠬᠦᠭᠵᠢᠭᠦᠯᠬᠦ ᠬᠡᠷᠡᠭᠲᠡᠶ ᠭᠡᠵᠡᠢ | ᠃ | |