| | 1 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ | ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ | ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠮᠥᠩᠬᠡ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠥᠬᠦᠳᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠪᠡ ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ | ᠳᠠᠷᠤᠭ᠎ᠠ ᠮᠠ ᠶᠦᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠪᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠤᠯᠠᠭᠠᠨᠬᠠᠳᠠ ᠬᠤᠳᠠ ᠶᠢᠨ | ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ | ᠵᠢᠯ ᠤᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠶᠠᠷᠢᠯᠴᠠᠨ᠂ ᠣᠳᠣᠬᠠᠨ ᠤ ᠪᠠ ᠬᠤᠶᠢᠰᠢᠳᠠ ᠶᠢᠨ | ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ | ᠪᠥᠬᠦᠳᠡ ᠬᠤᠷᠠᠯ ᠠᠴᠠ᠂ 2025 ᠣᠨ ᠤ ᠪᠥᠬᠦ ᠬᠤᠰᠢᠭᠤᠨ ᠤ ᠠᠵᠢᠯ ᠤᠨ ᠶᠡᠷᠦᠩᠬᠡᠶ ᠰᠡᠳᠬᠢᠴᠡ ᠪᠣᠯ᠄ | ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠲᠥᠯᠦᠮᠵᠢ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ | ᠪᠠᠲᠤᠯᠠᠬᠤ ᠬᠡᠷᠡᠭᠳᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠨᠠᠢᠮᠠ ᠶᠢ ᠡᠷᠡᠰ | ᠠᠷᠢᠯᠭᠠᠬᠤ︾ ᠶᠢ ᠪᠡᠶᠡᠯᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠵᠠᠮᠨᠠᠬᠤ | ᠬᠡᠷᠡᠭᠳᠡᠢ᠃ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠥᠨ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ ᠠᠮᠢᠳᠤᠯᠢᠭᠵᠢᠭᠤᠯᠤᠨ ᠬᠦᠭᠵᠢᠭᠦᠯᠵᠥ᠂ | ᠠᠵᠤ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢ ᠠᠭᠤᠰᠤᠯᠴᠠᠭᠤᠯᠬᠤ᠂ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠤᠷ ᠲᠦᠪᠰᠢᠨ ᠲᠣᠭᠲᠠᠭᠤᠨ | ᠪᠠᠶᠢᠯᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠢᠶ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠨᠠᠩ ᠶᠡᠭᠡ | ᠰᠢᠪᠲᠤᠯᠤᠯᠲᠠ ᠲᠠᠢ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ | ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠦᠭᠭᠦᠬᠦ ᠶᠠᠪᠤᠳᠠᠯ ᠪᠤᠯᠤᠨ᠎ᠠ ᠭᠡᠵᠦ ᠳᠤᠷᠠᠳᠤᠨ | ᠭᠠᠷᠭᠠᠪᠠ᠃ | ᠪᠥᠬᠦᠳᠡ ᠬᠤᠷᠠᠯ ᠠᠴᠠ 2025 ᠣᠨ ᠤ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠨᠠᠢᠮᠠᠨ | ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ ᠨᠢᠭᠡ ᠳᠤ᠂ ᠲᠣᠬᠢᠶᠠᠯ ᠢ ᠠᠠᠳᠬᠤᠨ ᠠᠮᠵᠢᠵᠤ᠂ ᠥᠭᠡᠷᠡᠴᠢᠯᠡᠯᠲᠡ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠶ᠃ ᠬᠤᠶᠠᠷ ᠲᠤ᠂ ᠠᠵᠤ ᠦᠢᠯᠡᠳᠪᠦᠷᠢ | ᠢᠶᠠᠷ ᠬᠤᠰᠢᠭᠤ ᠶᠢ ᠪᠠᠨ ᠬᠦᠴᠥᠷᠬᠡᠭᠵᠢᠭᠦᠯᠵᠥ᠂ ︽ᠣᠩᠨᠢᠭᠤᠳ ᠬᠤᠰᠢᠭᠤᠨ ᠤ ᠠᠵᠤ ᠦᠢᠯᠡᠳᠪᠦᠷᠢ︾ ᠶᠢ | ᠳᠠᠬᠢᠨ ᠰᠢᠨ᠎ᠡ ᠱᠠᠳᠤᠨ ᠳᠤ ᠠᠬᠢᠭᠤᠯᠬᠤ ᠶᠢ ᠲᠦᠷᠭᠡᠳᠬᠡᠬᠦ ᠬᠡᠷᠡᠭᠲᠡᠢ᠃ ᠭᠤᠷᠪᠠ ᠳᠤ᠂ ᠦᠨᠳᠥᠰᠥ | ᠰᠠᠭᠤᠷᠢ ᠪᠠᠨ ᠪᠠᠬᠢᠵᠡᠭᠦᠯᠵᠥ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠤ ᠰᠠᠭᠤᠷᠢ ᠨᠦᠬᠦᠴᠡᠯ ᠢ ᠪᠠᠲᠤᠳᠬᠠᠬᠤ ᠬᠡᠷᠡᠭᠳᠡᠢ᠃ ᠳᠥᠷᠪᠡ ᠳᠤ᠂ ᠳᠠᠯᠳᠠ ᠬᠦᠴᠦᠨ ᠢ | ᠠᠭᠤᠳᠠᠯᠯᠠᠨ᠂ ᠠᠮᠢᠵᠢᠷᠠᠯ ᠤᠨ ᠬᠦᠴᠦᠨ ᠢ ᠨᠢ ᠬᠥᠭᠵᠢᠭᠡᠵᠦ᠂ ᠣᠯᠠᠨ ᠡᠰᠢᠲᠦ ᠬᠡᠷᠡᠭᠯᠡᠭᠡ ᠪᠠᠷ ᠠᠵᠤ ᠠᠬᠤᠢ ᠶᠢᠨ | ᠰᠢᠨ᠎ᠡ ᠬᠥᠳᠡᠯᠭᠡᠭᠦᠷ ᠢ ᠬᠦᠭᠵᠢᠭᠡᠬᠦ ᠬᠡᠷᠡᠭᠳᠡᠢ ᠃ ᠲᠠᠪᠤ ᠳᠤ᠂ ᠠᠮᠢ ᠠᠬᠤᠢ ᠶᠢ ᠰᠠᠶᠢᠵᠢᠷᠠᠭᠤᠯᠤᠨ᠂ ᠵᠠᠰᠠᠯᠲᠠ ᠶᠢ | ᠴᠢᠩᠭᠠᠳᠬᠠᠵᠤ᠂ ᠠᠭᠤᠯᠠ ᠤᠰᠤ ᠨᠤᠲᠤᠭ ᠪᠡᠯᠴᠢᠭᠡᠷ ᠤᠨ ᠨᠤᠭᠤᠭᠠᠷᠠᠭᠤᠯᠤᠯᠳᠠ ᠶᠢ ᠠᠬᠢᠭᠤᠯᠬᠤ ᠬᠡᠷᠡᠭᠳᠡᠢ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠠᠷᠠᠳ ᠤᠨ ᠬᠦᠴᠢᠷ ᠵᠤᠪᠠᠭᠤᠷᠢ ᠶᠢ ᠠᠷᠢᠯᠭᠠᠵᠤ᠂ | ᠠᠷᠠᠳ ᠣᠯᠠᠨ ᠤ ᠵᠣᠯ ᠵᠢᠷᠭᠠᠯᠳᠤ ᠲᠦᠷᠥᠭᠳᠡᠯ ᠢ ᠨᠡᠮᠡᠭᠳᠡᠭᠦᠯᠬᠦ ᠬᠡᠷᠡᠭᠳᠡᠢ᠃ ᠲᠤᠯᠤᠭ᠎ᠠ ᠳᠤ᠂ ᠠᠮᠤᠷ ᠲᠦᠪᠰᠢᠨ ᠢ | ᠴᠢᠩᠭᠠᠯᠠᠵᠤ᠂ ᠬᠤᠷᠢᠭ᠎ᠠ ᠱᠤᠭᠤᠮ ᠢ ᠰᠠᠬᠢᠨ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠣᠩᠨᠢᠭᠤᠳ | ᠬᠤᠰᠢᠭᠤ ᠶᠢ ᠪᠥᠲᠥᠭᠡᠨ ᠪᠠᠶᠢᠭᠤᠯᠬᠤ ᠬᠡᠷᠡᠭᠳᠡᠢ᠃ ᠨᠠᠢᠮᠠ ᠳᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ | ᠰᠤᠷᠲᠠᠯ ᠢ ᠰᠠᠶᠢᠵᠢᠷᠠᠭᠤᠯᠤᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ | ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ︽ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠶᠢᠰᠦᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠬᠢᠨᠠᠨ ᠵᠥᠪᠯᠡᠵᠦ ᠪᠠᠲᠤᠯᠠᠪᠠ᠃ | | |