| | ︵2025 ᠣᠨ ᠤ 1 ᠰᠠᠷ᠎ᠠ ᠶᠢᠨ 6 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠤᠳᠠᠭᠠᠨ ᠤ ᠪᠦᠭᠦᠳᠡ | ᠬᠤᠷᠠᠯᠳᠤᠭᠠᠨ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠩᠨᠢᠭᠤᠳ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯᠳᠤᠭᠠᠨ ᠵᠢᠴᠢ ᠪᠥᠬᠦ ᠬᠤᠰᠢᠭᠤᠨ ᠤ ᠠᠵᠤ | ᠠᠬᠤᠶ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 6 ᠤ ᠡᠳᠦᠷ ᠪᠣᠷᠣᠬᠤᠲᠠ ᠳᠤ ᠬᠤᠷᠠᠯᠳᠤᠪᠠ᠃ | ᠲᠣᠰ ᠤᠳᠠᠭᠠᠨ ᠤ ᠪᠥᠬᠦᠳᠡ ᠬᠤᠷᠠᠯᠳᠤᠭᠠᠨ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 30 | ᠬᠦᠮᠥᠨ᠂ ᠣᠷᠣᠯᠠᠭᠴᠢ ᠭᠡᠰᠢᠭᠦᠨ 5 ᠬᠦᠮᠥᠨ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ | ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ | ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ | ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯᠳᠤᠭᠠᠨ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠣᠷᠣᠯᠠᠭᠴᠢ ᠬᠤᠰᠢᠭᠤᠨ ᠳᠠᠷᠤᠭ᠎ᠠ ᠮᠠ ᠶᠦᠩ ᠭᠠᠩ ᠲᠣᠰ ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯᠳᠤᠭᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ | ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ | ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ | ᠥᠩᠭᠡᠷᠡᠭᠰᠡᠨ ᠨᠢᠭᠡ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠣᠨ ᠶᠠᠷᠢᠯᠴᠠᠵᠤ᠂ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠪᠥᠬᠦᠳᠡ ᠬᠤᠷᠠᠯᠳᠤᠭᠠᠨ ᠠᠴᠠ ᠨᠢᠭᠡ ᠵᠢᠯ ᠤᠨ ᠲᠤᠷᠰᠢᠬᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠡᠷᠡᠰ | ᠳᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠥᠨ᠂ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠭᠤᠤᠯ ᠱᠤᠭᠤᠮ ᠤᠨ | ᠱᠠᠭᠠᠷᠳᠠᠯᠭ᠎ᠠ ᠶᠢ ᠳᠤᠭᠤᠰᠢᠯᠠᠭᠤᠯᠤᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ ᠃ ︽ᠵᠢᠷᠭᠤᠭᠠᠨ ᠢᠨᠵᠧᠨᠧᠷᠢᠩ︾ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠣᠯᠵᠤ | ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠡᠮᠬᠢ ᠵᠢᠷᠤᠮ ᠲᠠᠢ ᠠᠬᠢᠭᠤᠯᠤᠨ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠪᠦᠲᠦᠮᠵᠢᠲᠡᠶ ᠪᠣᠯᠵᠣ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ | ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠠᠬᠢᠴᠠ᠂ | ᠰᠢᠨ᠎ᠡ ᠦᠷ᠎ᠡ ᠪᠦᠲᠦᠮᠵᠢ ᠤᠯᠪᠠ ᠭᠡᠵᠡᠢ᠃ | ᠪᠥᠬᠦᠳᠡ ᠬᠤᠷᠠᠯᠳᠤᠭᠠᠨ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠳᠤ᠂ ᠪᠦᠬᠦ ᠬᠤᠳᠠ ᠴᠢᠨᠠᠭᠰᠢᠯᠠᠪᠠᠯ ᠪᠦᠬᠦ ᠣᠷᠣᠨ ᠳᠤ ᠪᠠᠶᠢᠷᠢ ᠰᠠᠭᠤᠷᠢ ᠶᠢ ᠡᠵᠡᠯᠡᠬᠦ ᠭᠡᠪᠡᠯ ᠡᠷᠬᠡᠪᠰᠢ | ᠶᠡᠭᠡ ᠲᠠᠯ᠎ᠠ ᠶᠡᠭᠡ ᠬᠠᠨᠳᠤᠰᠢ ᠶᠢ ᠣᠨᠣᠪᠴᠢᠲᠠᠶ ᠡᠵᠡᠮᠳᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠪᠦᠬᠦ | ᠲᠠᠯ᠎ᠠ ᠶᠢ ᠠᠵᠢᠭᠯᠠᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠡᠯ᠎ᠡ ᠲᠠᠯ᠎ᠠ ᠪᠠᠷ ᠠᠳᠠᠯᠢᠳᠬᠠᠨ | ᠬᠠᠷᠢᠴᠠᠭᠤᠯᠵᠤ᠂ ᠦᠪᠡᠷ ᠤᠨ ᠪᠡᠶ᠎ᠡ ᠶᠢᠨ ᠳᠠᠪᠠᠭᠤᠯᠢᠭ ᠢᠶᠠᠨ ᠣᠨᠣᠪᠴᠢᠲᠠᠢ ᠡᠵᠡᠮᠳᠡᠵᠦ᠂ ᠢᠲᠡᠭᠡᠯ ᠵᠣᠷᠢᠭ ᠢᠶᠠᠨ | ᠪᠠᠲᠤᠳᠬᠠᠨ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠬᠤ ᠬᠡᠷᠡᠭᠲᠡᠢ᠃ ᠰᠢᠨ᠎ᠡ ᠪᠠᠶᠢᠳᠠᠯ᠂ ᠰᠢᠨ᠎ᠡ ᠡᠭᠦᠷᠭᠡ᠂ | ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ | ᠬᠥᠭᠵᠢᠯᠲᠡ ᠳᠤ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠬᠤᠶᠠᠳᠤᠭᠠᠷ ᠠᠵᠤ | ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠷᠪᠠᠳᠤᠭᠠᠷ ᠠᠵᠤ ᠦᠢᠯᠡᠰ ᠢ ᠠᠮᠢᠳᠤᠯᠢᠭᠵᠢᠭᠤᠯᠤᠨ | ᠬᠦᠭᠵᠢᠭᠦᠯᠬᠦ ᠶᠢ ᠪᠠᠷᠢᠮᠲᠠᠯᠠᠬᠤ ᠬᠡᠷᠡᠭᠳᠡᠢ ᠭᠡᠵᠡᠢ᠃ | ᠪᠥᠬᠦᠳᠡ ᠬᠤᠷᠠᠯᠳᠤᠭᠠᠨ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠠᠵᠤ ᠦᠢᠯᠡᠰ ᠢ ᠰᠢᠯᠢᠳᠡᠭᠵᠢᠭᠦᠯᠦᠨ | ᠨᠠᠷᠢᠯᠢᠭᠵᠢᠭᠤᠯᠵᠤ᠂ ᠬᠡᠪᠴᠢᠶᠡᠵᠢᠭᠦᠯᠬᠦ᠂ ᠤᠶᠤᠨᠴᠢᠯᠠᠬᠤ᠂ ᠨᠡᠷᠡᠲᠦ ᠲᠡᠮᠳᠡᠭᠵᠢᠭᠦᠯᠬᠦ ᠬᠥᠭᠵᠢᠯᠲᠡ ᠶᠢᠨ ᠴᠢᠭᠯᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠲᠥᠬᠦᠭᠡᠷᠦᠮᠵᠢ ᠶᠢ ᠬᠦᠴᠦᠷᠬᠡᠭᠵᠢᠭᠦᠯᠬᠦ᠂ ᠳᠠᠭᠠᠭᠤᠯᠤᠭᠴᠢ ᠶᠢ ᠪᠤᠶᠢᠵᠢᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ᠂ ᠨᠡᠷᠡᠲᠦ ᠲᠡᠮᠳᠡᠭ ᠢ ᠪᠤᠵᠠᠭᠠᠶᠢᠷᠠᠭᠤᠯᠬᠤ᠂ ᠵᠠᠬ᠎ᠠ | ᠳᠡᠯᠭᠡᠭᠦᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠪᠦᠲᠦᠭᠡᠭᠳᠡᠬᠦᠨ | ᠮᠠᠯᠵᠢᠯ ᠤᠨ ᠠᠰᠢᠭ ᠰᠢᠮ᠎ᠡ ᠶᠢᠨ ᠲᠤᠭ᠎ᠠ ᠬᠡᠮᠵᠢᠶ᠎ᠡ ᠶᠢᠨ ᠨᠡᠮᠡᠭᠳᠡᠯ ᠠᠴᠠ ᠶᠠᠰᠤ ᠴᠢᠨᠠᠷ ᠤᠨ ᠳᠡᠭᠡᠭᠰᠢᠯᠡᠯᠲᠡ ᠲᠡᠰᠢ | ᠬᠤᠪᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠲᠤᠮᠤ ᠬᠤᠰᠢᠭᠤ ᠶᠢ ᠲᠠᠷᠢᠶᠠᠯᠠᠩ ᠮᠠᠯ ᠠᠵᠤ ᠠᠬᠤᠢ ᠶᠢᠨ | ᠬᠦᠴᠦᠷᠬᠡᠭ ᠬᠤᠰᠢᠭᠤ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠬᠤᠶᠠᠳᠤᠭᠠᠷ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠡᠨᠧᠷᠭᠢ᠂ ᠲᠡᠮᠦᠷᠯᠢᠭ ᠬᠠᠶᠢᠯᠤᠭᠤᠯᠬᠤ᠂ ᠠᠭᠤᠷᠬᠠᠶ ᠶᠢᠨ | ᠦᠢᠯᠡᠰ ᠤᠨ ᠠᠵᠤ ᠠᠬᠤᠶ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠤᠨ | ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠶ ᠶᠢᠨ ᠠᠵᠤ ᠦᠢᠯᠡᠰ ᠢ ᠲᠣᠪᠤᠶᠢᠮ᠎ᠠ ᠰᠠᠶᠢᠲᠤᠷ | ᠠᠳᠬᠤᠵᠤ᠂ ᠤᠰᠤᠳᠦ᠋ᠷᠥᠭᠴᠢᠳᠥ ᠡᠨᠧᠷᠭᠢ᠂ ᠡᠨᠧᠷᠭᠢ ᠬᠠᠳᠠᠭᠠᠯᠠᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ | ᠂ ᠠᠮᠢᠳᠤ ᠪᠣᠳᠠᠰ ᠤᠨ ᠦᠢᠯᠡᠳᠬᠡᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠪᠠ ᠢᠷᠡᠭᠡᠳᠦᠶ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠦᠢᠯᠡᠳᠪᠥᠷᠢ ᠶᠢᠨ | ᠲᠤᠯᠭᠠᠭᠤᠷᠢᠯᠠᠯ ᠢ ᠡᠷᠲᠡ ᠨᠢᠭᠡᠨ ᠡᠳᠥᠷ ᠪᠤᠢ ᠪᠤᠯᠭᠠᠬᠤ ᠬᠡᠷᠡᠭᠳᠡᠢ᠃ ᠭᠤᠷᠪᠠᠳᠤᠭᠠᠷ ᠠᠵᠤ ᠦᠢᠯᠡᠰ ᠢ | ᠠᠮᠢᠳᠤᠯᠢᠭᠵᠢᠭᠤᠯᠤᠨ ᠬᠦᠭᠵᠢᠭᠦᠯᠵᠥ ᠂ ᠲᠠᠷᠢᠶᠠᠯᠠᠩ ᠰᠣᠶᠣᠯ ᠵᠢᠭᠤᠯᠴᠢᠯᠠᠯ ᠠᠷᠠᠯᠵᠢᠶᠠᠨ ᠤ ᠡᠬᠢ ᠪᠠᠶᠠᠯᠢᠭ ᠢ | ᠠᠮᠢᠳᠤᠯᠢᠭ ᠪᠣᠯᠭᠠᠨ᠂ ᠬᠥᠮᠦᠨ ᠠᠮᠠ ᠪᠠ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠬᠡᠷᠡᠭᠯᠡᠭᠡᠨ ᠤ | ᠱᠤᠭᠤᠮ ᠢ ᠴᠢᠩᠭ᠎ᠠ ᠠᠩᠬᠠᠷᠴᠤ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ | ᠨᠡᠩ ᠣᠯᠠᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠪᠠᠶᠢᠳᠠᠯ ᠢ ᠢᠳᠡᠪᠬᠢᠲᠡᠶ | ᠥᠷᠭᠡᠳᠬᠡᠨ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠢ ᠠᠮᠢᠳᠤᠯᠢᠭᠵᠢᠭᠤᠯᠤᠨ | ᠬᠦᠭᠵᠢᠭᠦᠯᠬᠦ ᠬᠡᠷᠡᠭᠲᠡᠶ ᠭᠡᠵᠡᠢ᠃ | ᠪᠥᠬᠦᠳᠡ ᠬᠤᠷᠠᠯᠳᠤᠭᠠᠨ ᠠᠴᠠ᠂ 2025 ᠣᠨ ᠤ ᠠᠵᠢᠯ ᠤᠨ ᠶᠡᠷᠦᠩᠬᠡᠶ ᠰᠡᠳᠬᠢᠮᠵᠢ ᠪᠣᠯ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠬᠤ ᠬᠡᠷᠡᠭᠳᠡᠢ᠃ ᠨᠠᠮ ᠤᠨ ᠲᠥᠪ ᠬᠤᠷᠢᠶᠠᠨ ᠤ 2025 | ᠣᠨ ᠤ ᠠᠵᠤ ᠠᠬᠤᠶ ᠶᠢᠨ ᠠᠵᠢᠯ ᠤᠨ ᠲᠤᠬᠠᠶ ᠶᠡᠷᠦᠩᠬᠡᠶ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ | ᠪᠣᠯᠤᠨ ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠤᠶᠢᠯᠠᠭᠠᠨ ᠡᠵᠡᠮᠰᠢᠬᠦ ᠬᠡᠷᠡᠭᠳᠡᠢ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠳᠡᠯᠭᠡᠬᠦ ᠬᠦᠴᠦᠨ | ᠪᠣᠯᠭᠠᠵᠤ᠂ ᠠᠵᠤ ᠠᠬᠤᠶ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠬᠥᠲᠥᠯᠦᠮᠵᠢ ᠪᠤᠯᠭᠠᠨ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠴᠢᠷᠮᠠᠶᠢᠨ ᠠᠵᠢᠯᠯᠠᠬᠤ ᠶᠢ | ᠪᠠᠷᠢᠮᠲᠠᠯᠠᠬᠤ ᠬᠡᠷᠡᠭᠳᠡᠢ ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ ᠨᠠᠢᠮᠠᠨ ᠵᠦᠢᠯ | ᠢ ᠡᠷᠡᠰ ᠠᠷᠢᠯᠭᠠᠬᠤ︾ ᠶᠢ ᠪᠡᠶᠡᠯᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ | ᠪᠠᠲᠤᠲᠠᠶ ᠰᠠᠶᠢᠲᠤᠷ ᠵᠠᠮᠨᠠᠵᠤ᠂ ᠠᠵᠤ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠠᠭᠤᠰᠤᠯᠴᠠᠯ᠂ ᠠᠮᠢ | ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠠᠮᠤᠷ | ᠲᠦᠪᠰᠢᠨ ᠲᠣᠭᠲᠠᠭᠤᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠨᠠᠩ ᠶᠡᠭᠡ ᠰᠢᠪᠲᠤᠯᠤᠯᠲᠠ ᠭᠠᠷᠭᠠᠵᠤ᠂ | ︽ᠠᠷᠪᠠᠨ ᠳᠦᠷᠪᠡᠳᠥᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ | ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠠᠪᠤᠳᠠᠯ ᠪᠤᠯᠤᠨ᠎ᠠ ᠭᠡᠵᠡᠢ᠃ | ᠪᠥᠬᠦᠳᠡ ᠬᠤᠷᠠᠯᠳᠤᠭᠠᠨ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠠᠯᠢᠪᠠ ᠠᠵᠢᠯ ᠢᠶᠠᠨ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ | ᠂ ᠭᠤᠤᠯ ᠱᠤᠭᠤᠮ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ | ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ | ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ︽ᠠᠷᠪᠠᠨ ᠶᠡᠭᠡ ᠠᠵᠢᠯᠯᠠᠭ᠎ᠠ︾ ᠶᠢ ᠶᠡᠭᠡ ᠪᠠᠷ ᠬᠡᠷᠡᠭᠵᠢᠭᠦᠯᠵᠦ᠂ | ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ | ᠬᠤᠲᠠ ᠶᠢᠨ ᠨᠠᠮ ᠤᠨ ᠬᠤᠷᠢᠶ᠎ᠠ ᠠᠴᠠ ᠣᠩᠨᠢᠭᠤᠳ ᠬᠤᠰᠢᠭᠤᠨ ᠳᠤ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ | ᠯᠠᠪᠳᠠᠭᠤᠨ ᠪᠠᠲᠤᠲᠠᠶ᠂ ᠲᠡᠷᠡ ᠶᠣᠰᠣᠭᠠᠷ ᠨᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠰᠠᠶᠢᠲᠤᠷ ᠪᠡᠶᠡᠯᠡᠭᠦᠯᠬᠦ | ᠬᠡᠷᠡᠭᠲᠡᠶ ᠭᠡᠵᠡᠢ᠃ | ᠪᠦᠬᠦᠳᠡ ᠬᠤᠷᠠᠯᠳᠤᠭᠠᠨ ᠠᠴᠠ᠂ ᠥᠭᠡᠷᠡᠴᠢᠯᠡᠯᠲᠡ ᠬᠥᠭᠵᠢᠯᠲᠡ ᠶᠢᠨ ᠤᠷᠤᠰᠬᠠᠯ ᠤᠨ ᠳᠤᠮᠳᠠ ᠠᠵᠠ | ᠲᠣᠬᠢᠶᠠᠯ ᠪᠣᠯᠤᠨ ᠥᠷᠢᠰᠥᠯᠳᠦᠭᠡᠨ ᠵᠡᠷᠭᠡᠪᠡᠷ ᠣᠷᠣᠰᠢᠵᠤ ᠪᠠᠶᠢᠳᠠᠭ᠃ ᠴᠢᠬᠤᠯᠠ ᠶᠡᠭᠡ ᠲᠦᠷᠦᠯ ᠵᠦᠢᠯ ᠢ | ᠲᠥᠯᠥᠪᠵᠢᠭᠦᠯᠦᠨ ᠪᠠᠶᠢᠭᠤᠯᠬᠤ ᠶᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ | ᠠᠮᠵᠢᠨ᠂ ᠪᠡᠯᠡ ᠮᠥᠩᠭᠦ ᠤᠯᠬᠤ ᠪᠠᠷ ᠴᠢᠷᠮᠠᠶᠢᠵᠤ ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ︽ᠰᠠᠶᠢᠨ | ᠡᠬᠢᠯᠡᠯᠲᠡ︾ ᠶᠢ ᠵᠠᠪᠠᠯ ᠪᠡᠶᠡᠯᠡᠭᠦᠯᠬᠦ ᠬᠡᠷᠡᠭᠲᠡᠢ ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠪᠠᠨ | ᠬᠤᠪᠢᠷᠠᠭᠤᠯᠵᠤ᠂ ᠦᠢᠯᠡᠴᠢᠯᠡᠭᠡ ᠪᠠᠨ ᠰᠢᠯᠢᠳᠡᠭᠵᠢᠭᠦᠯᠥᠨ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ | ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ | ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠃ | ᠡᠵᠡᠩᠨᠡᠯᠲᠡ ᠶᠢᠨ ᠰᠢᠯᠢᠳᠡᠭ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠥᠨ᠂ ᠡᠷᠬᠡ ᠲᠡᠭᠰᠢ ᠲᠥᠪ ᠭᠤᠣᠯᠴᠢ | ᠪᠠᠷ ᠠᠮᠤᠷ ᠲᠠᠶᠢᠪᠤᠩ ᠡᠵᠡᠩᠨᠡᠭᠦᠯᠬᠦ ᠬᠡᠷᠡᠭᠲᠡᠢ ᠃ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠵᠤ᠂ | ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠳᠠ ᠪᠠᠯᠭᠠᠰᠤᠨ ᠤ | ᠤᠰᠤ ᠠᠷᠪᠢᠯᠠᠵᠤ ᠰᠦᠢᠲᠥᠯ ᠢ ᠪᠠᠭᠠᠰᠬᠠᠬᠤ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ | ᠬᠡᠷᠡᠭᠯᠡᠨ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠪᠢᠳᠠᠢ ᠭᠠᠮᠳᠠᠢ ᠨᠡᠶᠢᠭᠡᠮ ᠤᠨ ᠴᠣᠭᠴᠠ ᠶᠢ | ᠪᠠᠶᠢᠭᠤᠯᠬᠤ ᠬᠡᠷᠡᠭᠳᠡᠢ ᠃ ᠵᠠᠬ᠎ᠠ ᠳᠡᠯᠭᠡᠭᠦᠷ ᠤᠨ ᠰᠡᠳᠬᠢᠬᠦᠢ ᠶᠢ ᠪᠠᠬᠢᠵᠢᠭᠦᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ ᠭᠡᠵᠡᠢ | ᠪᠦᠬᠦᠳᠡ ᠬᠤᠷᠠᠯᠳᠤᠭᠠᠨ ᠠᠴᠠ᠂ ︽ᠣᠩᠨᠢᠭᠤᠳ ᠬᠤᠰᠢᠭᠤᠨ ᠤ ᠠᠵᠤ ᠦᠢᠯᠡᠳᠪᠦᠷᠢ︾ ᠶᠢᠨ ᠠᠬᠢᠴᠠ ᠶᠢ | ᠲᠦᠷᠭᠡᠳᠬᠡᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠲᠦᠷᠦᠯ ᠵᠦᠢᠯ ᠢ ᠶᠡᠬᠡᠪᠡᠷ ᠠᠬᠢᠭᠤᠯᠤᠨ᠂ | ᠲᠡᠮᠦᠷᠯᠢᠭ ᠤᠨ ᠬᠠᠶᠢᠯᠤᠰᠢ ᠶᠢᠨ ᠲᠦᠷᠦᠯ ᠵᠦᠢᠯ ᠤᠨ ᠠᠬᠢᠴᠠ ᠶᠢ ᠲᠦᠷᠭᠡᠳᠬᠡᠵᠥ᠂ ᠪᠣᠬᠢᠷᠲᠤᠯ ᠦᠭᠡᠢ ᠴᠠᠬᠢᠯᠭᠠᠨ ᠤ | ᠲᠡᠮᠳᠡᠭᠳᠥ ᠶᠢ ᠪᠤᠢ ᠪᠤᠯᠭᠠᠨ ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶᠡᠵᠢᠯ ᠢ ᠲᠥᠪᠯᠡᠷᠡᠭᠦᠯᠬᠦ ᠶᠢ ᠠᠬᠢᠭᠤᠯᠬᠤ | ᠬᠡᠷᠡᠭᠲᠡᠢ︔ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠡᠨᠧᠷᠭᠢ ᠶᠢ ᠥᠷᠭᠡᠳᠬᠡᠬᠦ᠂ ᠠᠭᠤᠷᠬᠠᠢ ᠶᠢᠨ ᠡᠷᠬᠡ ᠶᠢ | ᠨᠡᠶᠢᠳᠬᠡᠬᠦ᠂ ᠨᠥᠭᠡᠴᠡ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠷᠬᠠᠢ ᠶᠢᠨ ᠦᠢᠯᠡᠰ ᠤᠨ | ᠠᠵᠤ ᠠᠬᠤᠢ ᠶᠢᠨ ᠰᠢᠨ᠎ᠡ ᠲᠣᠬᠢᠶᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠃ ︽ᠳᠡᠭᠡᠳᠦ ᠲᠡᠰ ᠤᠨ᠂ | ᠤᠶᠤᠨᠴᠢᠯᠠᠭᠰᠠᠨ᠂ ᠪᠣᠬᠢᠷᠲᠤᠯ ᠦᠭᠡᠢ︾ ᠪᠠᠷ ᠤᠳᠤᠷᠢᠳᠤᠮᠵᠢ ᠪᠣᠯᠭᠠᠵᠤ᠂ ᠰᠢᠨ᠎ᠡ ᠮᠠᠲ᠋ᠧᠷᠢᠶᠠᠯ ᠵᠢᠴᠢ ᠲᠤᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠃ ᠤᠯᠠᠭᠠᠨᠬᠠᠳᠠ ᠶᠢᠨ | ᠬᠠᠰ ᠯᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠷᠢᠰᠢᠭᠤᠯᠤᠯᠲᠠ᠂ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠰᠢᠨ᠎ᠡ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠮᠠᠯ ᠠᠵᠤ ᠠᠬᠤᠶ | ᠮᠠᠯᠵᠢᠬᠤ ᠣᠷᠣᠨ ᠮᠠᠯᠴᠢᠨ︾ ᠤ ᠦᠢᠯᠡᠴᠢᠯᠡᠭᠡ ᠶᠢ ᠪᠠᠬᠢᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠭᠠᠵᠠᠷ ᠤᠨ ᠰᠢᠮ᠎ᠡ ᠶᠢ ᠳᠡᠭᠡᠭᠰᠢᠯᠡᠭᠦᠯᠬᠦ ᠪᠠ | ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠠᠳᠬᠤᠵᠤ᠂ ᠰᠣᠳᠣᠨ ᠢᠨᠵᠧᠨᠧᠷᠢᠩ᠂ | ᠠᠷᠠᠳ ᠤᠨ ᠰᠡᠳᠬᠢᠯ ᠤᠨ ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠢ ᠪᠣᠶ ᠪᠣᠯᠭᠠᠵᠤ᠂ ᠰᠠᠶᠢᠨ | ᠲᠤᠷᠰᠢᠯᠭ᠎ᠠ ᠬᠢᠳᠡᠯ ᠢ ᠢᠳᠡᠪᠬᠢᠲᠡᠶ ᠳᠡᠯᠭᠡᠷᠡᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠦᠬᠦᠭᠡᠷᠦᠮᠵᠢᠲᠦ ᠲᠠᠷᠢᠶᠠᠯᠠᠩ᠂ | ᠲᠥᠬᠦᠭᠡᠷᠦᠮᠵᠢᠲᠦ ᠮᠠᠯ ᠠᠵᠤ ᠠᠬᠤᠶ᠂ ᠬᠦᠷᠢᠶ᠎ᠡ ᠬᠠᠰᠢᠶᠠᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ | ᠠᠬᠢᠭᠤᠯᠬᠤ ᠬᠡᠷᠡᠭᠲᠡᠶ ᠃ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠤᠳᠤ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ 11 ᠲᠦᠷᠥᠯ ᠤᠨ ᠭᠤᠣᠯᠯᠠᠬᠤ ᠤᠨᠴᠠᠯᠢᠬᠳᠤ ᠠᠵᠤ | ᠦᠢᠯᠡᠰ ᠤᠨ ᠰᠢᠯᠢᠳᠡᠭᠵᠢᠨ ᠨᠠᠷᠢᠯᠢᠭᠵᠢᠬᠤ ᠶᠢ ᠠᠬᠢᠭᠤᠯᠵᠤ᠂ ᠲᠦᠷᠦᠯ ᠲᠡᠮᠳᠡᠭ ᠤᠨ ᠴᠣᠭᠴᠠᠯᠠᠯᠲᠠ ᠶᠢ | ᠴᠢᠩᠭᠠᠳᠬᠠᠵᠤ᠂ ᠨᠡᠩ ᠤᠯᠠᠨ ᠦᠷᠳᠡᠭ ᠤᠨ ᠨᠡᠮᠡᠭᠳᠡᠯ ᠤᠨ ᠠᠰᠢᠭ ᠣᠷᠣᠯᠭ᠎ᠠ ᠶᠢ ᠠᠪᠴᠢᠷᠠᠬᠤ ᠬᠡᠷᠡᠭᠳᠡᠢ ᠃ | ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠨ ᠬᠥᠳᠡᠭᠡ ᠠᠵᠤ ᠠᠬᠤᠢ ᠶᠢ | ᠪᠠᠶᠠᠵᠢᠭᠤᠯᠬᠤ ᠠᠰᠢᠭ ᠲᠤᠰᠠ ᠲᠠᠢ ᠬᠤᠯᠪᠤᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠬᠤ ᠬᠡᠷᠡᠭᠳᠡᠢ᠃ | ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠣᠯᠠᠨ ᠡᠰᠢᠲᠦ ᠬᠡᠷᠡᠭᠯᠡᠭᠡᠨ ᠤ ᠲᠠᠯᠠᠪᠤᠷ ᠢ | ᠰᠢᠨ᠎ᠡ ᠪᠠᠷ ᠪᠤᠢ ᠪᠤᠯᠭᠠᠨ᠂ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ | ᠂ ᠭᠤᠤᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠤᠨ ᠪᠠᠶᠢᠷᠢᠰᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠦᠳᠡᠰᠢ ᠶᠢᠨ ᠠᠵᠤ ᠠᠬᠤᠶ᠂ ᠠᠩᠬᠠᠨ ᠤ ᠳᠡᠯᠭᠡᠭᠦᠷ ᠤᠨ ᠠᠵᠤ ᠠᠬᠤᠶ ᠶᠢ ᠶᠡᠬᠡᠪᠡᠷ | ᠬᠥᠭᠵᠢᠭᠦᠯᠦᠨ᠂ ᠬᠤᠲᠠ ᠬᠥᠳᠡᠭᠡ ᠶᠢᠨ ᠬᠡᠷᠡᠭᠯᠡᠭᠡᠨ ᠤ ᠣᠷᠣᠨ ᠵᠠᠶ ᠶᠢ ᠥᠷᠭᠡᠳᠬᠡᠬᠦ ᠬᠡᠷᠡᠭᠲᠡᠶ ᠃ ᠲᠠᠷᠢᠶᠠᠯᠠᠩ | ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠭᠦᠳᠦᠨ ᠪᠠᠶᠢᠭᠤᠯᠬᠤ ᠲᠠᠢ ᠠᠭᠤᠰᠤᠯᠴᠠᠭᠤᠯᠤᠨ᠂ ᠵᠢᠭᠤᠯᠴᠢᠯᠠᠯ ᠤᠨ ᠰᠢᠨ᠎ᠡ | ᠦᠢᠯᠡᠳᠬᠦᠨ ᠢ ᠨᠡᠭᠡᠭᠡᠨ ᠬᠥᠭᠵᠢᠭᠦᠯᠬᠦ᠂ ᠲᠤᠭᠠᠨᠴᠢᠯᠠᠭᠰᠠᠨ ᠵᠤᠭᠠᠴᠠᠯ ᠤᠨ ᠰᠢᠨ᠎ᠡ ᠲᠠᠯᠠᠪᠤᠷ ᠢ ᠰᠢᠨ᠎ᠡ ᠪᠠᠷ ᠪᠤᠢ | ᠪᠤᠯᠭᠠᠨ᠂ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ︽ᠳᠠᠭᠤᠤ | ᠬᠥᠭᠵᠢᠮ ᠵᠢᠭᠤᠯᠴᠢᠯᠠᠯ ᠢ ᠤᠶᠠᠯᠳᠤᠭᠤᠯᠬᠤ︾᠂ ︽ᠲᠣᠭᠯᠠᠯᠲᠠ ᠵᠢᠭᠤᠯᠴᠢᠯᠠᠯ ᠢ ᠤᠶᠠᠯᠳᠤᠭᠤᠯᠬᠤ︾ ᠵᠡᠷᠭᠡ | ᠵᠠᠭᠪᠤᠷ ᠢ ᠬᠠᠶᠢᠨ ᠰᠦᠪᠡᠭᠴᠢᠯᠡᠬᠦ ᠬᠡᠷᠡᠭᠳᠡᠢ ᠃ ᠰᠣᠶᠣᠯ ᠵᠢᠭᠤᠯᠴᠢᠯᠠᠯ ᠡᠷᠡᠭᠦᠯ ᠮᠡᠨᠳᠦ ᠰᠤᠪᠢᠯᠠᠯᠲᠠ ᠶᠢᠨ ᠠᠵᠤ | ᠦᠢᠯᠡᠰ ᠤᠨ ᠬᠦᠷᠢᠶᠡᠯᠡᠩ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠨᠠᠰᠤᠳᠠᠶᠢᠴᠣᠳ ᠤᠨ | ᠦᠢᠯᠡᠴᠢᠯᠡᠭᠡᠨ ᠂ ᠠᠰᠠᠷᠠᠨ ᠬᠠᠷᠠᠭᠠᠯᠵᠠᠬᠤ᠂ ᠭᠡᠷ ᠲᠡᠷᠭᠡ ᠶᠢᠨ ᠦᠢᠯᠡᠴᠢᠯᠡᠭᠡ ᠵᠡᠷᠭᠡ ᠶᠢᠨ ᠬᠥᠭᠵᠢᠯᠲᠡ ᠶᠢᠨ ᠳᠠᠯᠳᠠ | ᠬᠦᠴᠦᠨ ᠢ ᠬᠥᠭᠵᠢᠭᠡᠵᠦ᠂ ᠪᠡᠶ᠎ᠡ ᠲᠠᠮᠢᠷ᠂ ᠪᠣᠬᠢᠷᠲᠤᠯ ᠦᠭᠡᠢ ᠵᠡᠷᠭᠡ ᠬᠡᠷᠡᠭᠯᠡᠭᠡᠨ ᠤ ᠪᠠᠶᠢᠳᠠᠯ ᠢ ᠪᠤᠶᠢᠵᠢᠭᠤᠯᠤᠨ᠂ | ᠤᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃ | ᠪᠥᠬᠦᠳᠡ ᠬᠤᠷᠠᠯᠳᠤᠭᠠᠨ ᠠᠴᠠ ᠴᠢᠬᠤᠯᠠᠴᠢᠯᠠᠭᠰᠠᠨ ᠨᠢ᠂ ᠬᠥᠬᠡᠮᠳᠦᠭ ᠨᠣᠭᠤᠭᠠᠨ ᠠᠭᠤᠯᠠ ᠤᠰᠤ ᠪᠣᠯ | ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ | ᠦᠢᠯᠡᠳᠦᠯᠭᠡᠵᠢᠭᠦᠯᠵᠦ᠂ ᠳᠠᠶᠢᠯᠠᠯᠳᠤᠭᠠᠨ ᠤ ᠦᠷ᠎ᠡ ᠪᠦᠲᠥᠭᠡᠯ ᠢ ᠦᠷᠭᠡᠳᠬᠡᠬᠦ ᠪᠤᠯᠤᠨ ᠪᠠᠬᠢᠵᠢᠭᠦᠯᠬᠦ ᠶᠢ | ᠤᠶᠠᠯᠳᠤᠭᠤᠯᠵᠤ᠂ ᠮᠠᠰᠢᠨ ᠢᠶᠠᠷ ᠡᠯᠡᠰᠦ ᠶᠢ ᠵᠠᠰᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠵᠠᠮ ᠳᠡᠪᠢᠰᠥᠨ ᠡᠯᠡᠰᠥ ᠶᠢ ᠵᠠᠰᠠᠬᠤ᠂ ᠬᠦᠳᠡᠯᠮᠥᠷᠢ ᠪᠠᠷ ᠲᠡᠳᠬᠦᠮᠵᠢ ᠶᠢ | ᠤᠷᠤᠯᠠᠭᠤᠯᠬᠤ ᠵᠡᠷᠭᠡ ᠲᠤᠷᠰᠢᠯᠭ᠎ᠠ ᠰᠤᠷᠭᠠᠮᠵᠢ ᠠᠷᠭ᠎ᠠ ᠪᠠᠷᠢᠯ ᠢᠶᠠᠨ ᠦᠷᠭᠦᠯᠵᠢᠯᠡᠨ ᠦᠷᠭᠡᠳᠭᠡᠬᠦ ᠬᠡᠷᠡᠭᠳᠡᠢ᠃ | ᠬᠠᠮᠢᠶᠠᠷᠴᠤ ᠬᠠᠮᠠᠭᠠᠯᠠᠬᠤ ᠪᠦᠲᠥᠮᠵᠢᠳᠡᠢ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠥ᠂ ᠪᠡᠯᠴᠢᠭᠡᠷ ᠲᠤ | ᠮᠠᠯᠵᠢᠬᠤ ᠶᠢ ᠴᠠᠭᠠᠵᠠᠯᠠᠬᠤ᠂ ᠰᠡᠯᠬᠦᠨ ᠮᠠᠯᠵᠢᠬᠤ ᠪᠤᠯᠤᠨ ᠮᠠᠯ ᠪᠡᠯᠴᠢᠭᠡᠷ ᠤᠨ ᠳᠡᠩᠴᠡᠭᠦᠷᠢ ᠶᠢ ᠪᠠᠲᠤᠯᠠᠬᠤ ᠳᠦᠷᠢᠮ | ᠢ ᠨᠠᠶᠢᠳᠠᠪᠤᠷᠢᠵᠢᠭᠤᠯᠤᠨ᠂ ᠬᠠᠤᠯᠢ ᠪᠤᠰᠤ ᠪᠠᠷ ᠮᠠᠰᠢᠨ ᠲᠡᠷᠭᠡ ᠪᠠᠷ ᠡᠯᠡᠰᠥ ᠶᠢ ᠲᠤᠭᠤᠯᠤᠨ ᠨᠠᠭᠠᠳᠬᠤ ᠵᠡᠷᠭᠡ | ᠠᠵᠢᠯᠯᠠᠭ᠎ᠠ ᠶᠢ ᠴᠡᠭᠴᠡᠯᠡᠬᠦ ᠬᠡᠷᠡᠭᠳᠡᠢ᠃ ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ | ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠤᠷᠴᠢᠨ ᠤ ᠡᠯᠡᠰᠦᠷᠬᠡᠭ | ᠭᠠᠵᠠᠷ ᠢ ᠰᠦᠨᠦᠭᠡᠬᠦ ᠳᠠᠶᠢᠨ ᠢ ᠡᠷᠡᠰ ᠰᠠᠶᠢᠲᠤᠷ ᠬᠢᠬᠦ ᠬᠡᠷᠡᠭᠲᠡᠶ᠃ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠪᠠ | ᠬᠠᠮᠵᠢᠯᠴᠠᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠡᠨᠧᠷᠭᠢ ᠶᠢᠨ ᠬᠡᠷᠡᠭᠯᠡᠭᠡᠨ ᠤ ᠬᠤᠣᠰ | ᠬᠢᠵᠠᠭᠠᠷᠯᠠᠯ ᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠣᠰ ᠡᠵᠡᠮᠳᠡᠯ ᠲᠡᠰᠢ ᠪᠦᠬᠦ ᠲᠠᠯ᠎ᠠ ᠪᠠᠷ | ᠬᠤᠪᠢᠷᠠᠭᠤᠯᠬᠤ ᠶᠢ ᠰᠠᠶᠢᠲᠤᠷ ᠠᠳᠬᠤᠵᠤ᠂ ︽ ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ | ᠲᠣᠰᠬᠤᠨ ᠢ ᠵᠠᠰᠠᠬᠤ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠠᠰᠢᠭᠯᠠᠵᠤ᠂ ᠬᠦᠳᠡᠭᠡ ᠲᠤᠰᠬᠤᠨ ᠤ | ᠰᠠᠭᠤᠭᠠᠯᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠨ᠂ ᠣᠷᠣᠰᠢᠨ ᠰᠠᠭᠤᠬᠤ ᠪᠠ | ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ | ᠬᠡᠷᠡᠭᠲᠡᠢ᠃ ᠡᠬᠢ ᠰᠤᠷᠪᠤᠯᠵᠢ ᠶᠢ ᠬᠠᠮᠠᠭᠠᠯᠠᠬᠤ ᠪᠤᠯᠤᠨ ᠨᠡᠬᠡᠭᠡᠨ ᠠᠰᠢᠭᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ | ᠭᠠᠵᠠᠷ ᠰᠢᠷᠤᠢ ᠶᠢ ᠵᠢᠵᠢᠭᠯᠡᠨ ᠬᠡᠰᠡᠭᠯᠡᠵᠥ ᠠᠰᠢᠭᠯᠠᠭᠰᠠᠨ ᠠᠰᠠᠭᠤᠳᠠᠯ ᠢ ᠬᠦᠴᠥᠳᠡᠢ ᠰᠢᠢᠳᠪᠥᠷᠢᠯᠡᠵᠥ᠂ ᠲᠤᠷᠤᠭ | ᠪᠤᠲᠠ ᠶᠢ ᠲᠡᠭᠰᠢᠯᠡᠵᠥ ᠶᠡᠷᠥᠩᠬᠡᠶᠢᠯᠡᠨ ᠠᠰᠢᠭᠯᠠᠬᠤ ᠶᠢ ᠴᠢᠩᠭᠠᠳᠬᠠᠨ᠂ ᠰᠡᠨᠳᠡᠩ ᠮᠤᠳᠤ᠂ ᠪᠠᠲᠤᠴᠠᠭᠠᠨ ᠵᠡᠷᠭᠡ | ᠤᠨᠴᠠᠯᠢᠭᠲᠤ ᠤᠢ ᠶᠢᠨ ᠡᠬᠢ ᠪᠠᠶᠠᠯᠢᠭ ᠤᠨ ᠠᠵᠤ ᠠᠬᠤᠢ ᠶᠢᠨ ᠦᠨ᠎ᠡ ᠦᠷᠲᠡᠭ ᠢ ᠢᠯᠡᠷᠡᠭᠦᠯᠵᠥ᠂ ᠡᠯᠡᠰᠥᠨ ᠤ | ᠠᠵᠤ ᠦᠢᠯᠡᠰ᠂ ᠤᠢ ᠰᠢᠭᠤᠢ ᠶᠢᠨ ᠠᠵᠤ ᠦᠢᠯᠡᠰ ᠤᠨ ᠦᠨᠳᠥᠷ ᠶᠠᠰᠤ ᠴᠢᠨᠠᠷᠳᠠᠢ ᠬᠦᠭᠵᠢᠯᠳᠡ ᠶᠢ ᠠᠬᠢᠭᠤᠯᠬᠤ | ᠬᠡᠷᠡᠭᠳᠡᠢ ᠭᠡᠵᠡᠢ᠃ | ᠪᠦᠬᠦᠳᠡ ᠬᠤᠷᠠᠯᠳᠤᠭᠠᠨ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠳᠠ | ᠲᠤᠭᠤᠷᠢᠭ ᠤᠨ ᠴᠢᠳᠠᠮᠵᠢ ᠶᠢᠨ ᠳᠡᠰᠵᠢᠬᠦ ᠪᠣᠯᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ ᠵᠡᠷᠭᠡ | ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠭᠠᠠᠬᠠᠳᠠ ᠠᠴᠠ ᠪᠠᠶᠢᠰᠢᠩᠳᠤ ᠪᠠᠶᠠᠬᠤᠪᠤᠭ᠎ᠠ | ᠬᠦᠷᠬᠦ ᠲᠡᠮᠦᠷ ᠵᠠᠮ ᠤᠨ ᠪᠣᠷᠣᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠶᠢᠨ ᠲᠡᠷᠭᠡ ᠨᠡᠪᠲᠡᠷᠡᠬᠦ | ᠶᠢ ᠠᠬᠢᠭᠤᠯᠵᠤ᠂ ᠣᠩᠨᠢᠭᠤᠳ ᠬᠤᠰᠢᠭᠤᠨ ᠤ ᠤᠯᠠᠨ ᠲᠦᠮᠡᠨ ᠤ ᠭᠡᠷ ᠤᠨ ᠡᠭᠦᠳᠡᠨ ᠠᠴᠠ ᠪᠠᠨ ᠭᠠᠯᠲᠤ | ᠲᠡᠷᠭᠡᠨ ᠳᠤ ᠰᠠᠭᠤᠬᠤ ᠬᠦᠰᠡᠯ ᠢ ᠡᠷᠲᠡ ᠨᠢᠭᠡᠨ ᠡᠳᠥᠷ ᠪᠡᠶᠡᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ | ᠂ ᠡᠮ ᠡᠮᠨᠡᠯᠭᠡ ᠶᠢᠨ ᠳᠠᠭᠠᠳᠬᠠᠯ᠂ ︽ ᠨᠠᠰᠤᠲᠠᠨ ᠤ ᠠᠰᠠᠷᠠᠯᠳᠠ ᠪᠠᠭᠠᠴᠣᠳ ᠤᠨ ᠰᠤᠷᠭᠠᠨ ᠬᠦᠮᠥᠵᠢᠯ︾ ᠵᠡᠷᠭᠡ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ | ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠡᠦᠬᠡ ᠶᠢᠨ | ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠡᠪ ᠵᠠᠩᠰᠢᠯ ᠢ | ᠥᠭᠡᠷᠡᠴᠢᠯᠡᠬᠦ ᠶᠢ ᠠᠬᠢᠭᠤᠯᠬᠤ ᠬᠡᠷᠡᠭᠳᠡᠢ᠃ ᠬᠠᠤᠯᠢᠵᠢᠭᠰᠠᠨ ᠣᠩᠨᠢᠭᠤᠳ ᠬᠤᠰᠢᠭᠤ᠂ ᠬᠠᠤᠯᠢᠵᠢᠭᠰᠠᠨ ᠵᠠᠰᠠᠭ ᠤᠨ | ᠣᠷᠳᠣᠨ᠂ ᠬᠠᠤᠯᠢᠵᠢᠭᠰᠠᠨ ᠨᠡᠶᠢᠭᠡᠮ ᠤᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ︽ | ᠬᠠᠤᠯᠢᠵᠢᠭᠰᠠᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠢᠳᠡᠪᠬᠢᠳᠡᠢ | ᠦᠷᠨᠢᠭᠦᠯᠬᠦ ᠬᠡᠷᠡᠭᠳᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ | ᠬᠠᠮᠠᠭᠠᠯᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ᠂ ᠠᠶᠤᠯᠭᠦᠢ | ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠮᠤᠷ ᠢ ᠬᠠᠮᠠᠭᠠᠯᠠᠵᠤ | ᠰᠡᠷᠭᠡᠶᠢᠯᠡᠨ ᠡᠵᠡᠮᠳᠡᠬᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠴᠢᠨᠠᠷ ᠢ ᠡᠭᠦᠷᠢᠳᠡ ᠪᠠᠲᠤᠯᠠᠵᠤ᠂ | ᠡᠯ᠎ᠡ ᠹᠷᠣᠨᠲ ᠤᠨ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ | ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ | ᠠᠬᠤᠶ ᠶᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠷᠬᠡᠭ ᠶᠡᠭᠡ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠳᠡᠢ᠃ ᠣᠳᠣᠬᠠᠨ ᠳᠤ ᠶᠠᠭ ᠵᠢᠯ ᠤᠨ ᠡᠴᠦᠰ | ᠪᠣᠯᠵᠤ ᠪᠠᠶᠢᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠲᠣᠭᠲᠠᠭᠤᠨ᠂ | ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠴᠠᠯᠢᠩ ᠥᠭᠬᠦ ᠵᠢᠴᠢ | ᠬᠦᠴᠢᠷᠳᠡᠯᠲᠡᠢ ᠤᠯᠠᠨ ᠲᠦᠮᠡᠨ ᠢ ᠲᠡᠳᠬᠦᠨ ᠳᠡᠮᠵᠢᠬᠦ ᠵᠡᠷᠭᠡ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠠᠷᠠᠳ | ᠤᠯᠠᠨ ᠤ ᠳᠤᠯᠠᠭᠠᠨ ᠪᠦᠯᠢᠶᠡᠨ ᠡᠪᠦᠯᠵᠢᠬᠦ᠂ ᠠᠮᠤᠷ ᠲᠦᠪᠰᠢᠨ ᠢᠶᠠᠷ ᠪᠠᠶᠠᠷ ᠤᠨ ᠡᠳᠦᠷ ᠢ ᠥᠩᠭᠡᠷᠡᠭᠦᠯᠬᠦ᠂ ᠪᠠᠶᠠᠷ | ᠵᠢᠷᠭᠠᠯ ᠲᠠᠢ ᠰᠢᠨᠡᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯᠳᠤᠭᠠᠨ ᠠᠴᠠ ᠱᠠᠭᠠᠷᠳᠠᠭᠰᠠᠨ ᠨᠢ᠂ ︽ᠦᠵᠡᠯ ᠰᠠᠨᠠᠭ᠎ᠠ ᠪᠠᠨ ᠶᠡᠭᠡ ᠪᠠᠷ ᠴᠢᠯᠥᠭᠡᠯᠡᠬᠦ᠂ | ᠠᠵᠢᠯ ᠤᠨ ᠠᠬᠢᠴᠠ ᠪᠠᠨ ᠶᠡᠭᠡ ᠪᠠᠷ ᠲᠦᠷᠭᠡᠳᠭᠡᠬᠦ᠂ ᠠᠵᠤ ᠠᠬᠤᠶ ᠪᠠᠨ ᠶᠡᠭᠡ ᠪᠠᠷ ᠬᠦᠭᠵᠢᠭᠦᠯᠬᠦ︾ | ᠶᠠᠷᠢᠯᠴᠠᠭᠠᠨ ᠤ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ | ᠭᠡᠰᠢᠭᠦᠨ ᠺᠠᠲᠠᠷᠴᠣᠳ ᠬᠡᠯᠡᠪᠡᠯ ᠦᠭᠡ᠂ ᠬᠢᠰᠬᠢᠪᠡᠯ ᠭᠠᠵᠠᠷ ᠪᠠᠶᠢᠬᠤ᠂ ᠲᠤᠭᠲᠠᠮᠠᠭᠴᠠ ᠬᠢᠵᠥ ᠂ ᠬᠤᠷᠳᠤᠨ | ᠲᠦᠷᠭᠡᠨ ᠪᠡᠶᠡᠯᠡᠭᠦᠯᠵᠥ᠂ ᠬᠢᠪᠡᠯ ᠰᠠᠶᠢᠨ ᠬᠢᠬᠦ ᠶᠤᠰᠤ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠴᠣᠭᠴᠠᠯᠠᠬᠤ | ᠴᠤᠭ ᠰᠦᠯᠳᠡ ᠶᠢ ᠪᠥᠬᠦ ᠲᠠᠯ᠎ᠠ ᠪᠠᠷ ᠬᠦᠭᠵᠢᠭᠡᠨ᠂ ︽ᠨᠠᠢᠮᠠ ᠶᠢ ᠡᠷᠡᠰ ᠠᠷᠢᠯᠭᠠᠬᠤ︾ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠨᠢᠭᠡ ᠳᠤ᠂ ︽ᠦᠵᠡᠯ ᠰᠠᠨᠠᠭ᠎ᠠ ᠨᠢ ᠬᠦᠰᠢᠭᠦᠷᠡᠨ᠂ ᠬᠠᠭᠤᠴᠢᠨ | ᠢᠶᠠᠨ ᠪᠠᠷᠢᠮᠲᠠᠯᠠᠨ ᠬᠡᠪᠰᠢᠷᠡᠨ ᠵᠤᠭᠰᠤᠩᠭᠤᠶᠢᠷᠠᠭᠰᠠᠨ︾ ᠬᠠᠭᠤᠴᠢᠨ ᠦᠵᠡᠯᠲᠡ ᠶᠢ ᠡᠷᠡᠰ ᠠᠷᠢᠯᠭᠠᠬᠤ ᠬᠡᠷᠡᠭᠳᠡᠢ᠃ | ᠬᠤᠶᠠᠷ ᠲᠤ᠂ ︽ᠬᠤᠳᠳᠤᠭ ᠲᠤ ᠰᠠᠭᠤᠨ ᠬᠤᠷᠸ᠎ᠠ ᠶᠢ ᠠᠵᠢᠭᠯᠠᠵᠤ᠂ ᠨᠢᠭᠡᠯᠡ ᠨᠡᠪᠴᠢᠨ ᠳᠤ ᠨᠢᠳᠥ ᠪᠠᠨ | ᠬᠠᠯᠬᠠᠯᠠᠬᠤ︾ ᠢᠪᠴᠤᠤ ᠦᠵᠡᠯᠲᠡ ᠶᠢ ᠡᠷᠡᠰ ᠠᠷᠢᠯᠭᠠᠬᠤ ᠬᠡᠷᠡᠭᠳᠡᠢ ᠃ ᠭᠤᠷᠪᠠ ᠳᠤ᠂ ︽ ᠵᠦᠭᠡᠷ | ᠰᠠᠭᠤᠬᠤ ᠶᠢ ᠪᠤᠯᠬᠤ ᠠᠴᠠ ᠪᠢᠰᠢ ᠵᠦᠳᠡᠷᠡᠬᠦ ᠠᠵᠢᠯ ᠢ ᠬᠢᠬᠦ ᠦᠭᠡᠢ᠂ ᠪᠤᠷᠬᠠᠨ ᠰᠡᠳᠬᠢᠯ ᠭᠠᠷᠭᠠᠵᠤ ᠪᠦᠬᠦ ᠦᠢᠯᠡ | ᠠᠴᠠ ᠵᠠᠶᠢᠳᠠᠬᠤ ︾ ᠠᠯᠵᠠᠭᠤᠷᠠᠵᠤ ᠵᠠᠯᠬᠠᠭᠤᠷᠠᠨ ᠬᠠᠶᠢᠩᠭᠤᠳᠠᠬᠤ ᠦᠵᠡᠯᠲᠡ ᠶᠢ ᠡᠷᠡᠰ ᠠᠷᠢᠯᠭᠠᠬᠤ ᠬᠡᠷᠡᠭᠳᠡᠢ᠃ | ᠲᠦᠷᠪᠡ ᠳᠤ᠂ ︽ ᠵᠡᠷᠭᠡ ᠲᠤᠰᠢᠶᠠᠯ ᠢ ᠨᠢ ᠠᠪᠤᠪᠠᠯ ᠪᠤᠯᠬᠤ ᠠᠴᠠ ᠪᠢᠰᠢ᠂ ᠠᠵᠢᠯ ᠮᠤᠳᠤ ᠶᠢ ᠨᠢ ᠬᠢᠬᠦ ᠦᠭᠡᠢ︾ | ᠨᠤᠶᠠᠨᠴᠢ ᠦᠵᠡᠯᠳᠡ ᠶᠢ ᠡᠷᠡᠰ ᠠᠷᠢᠯᠭᠠᠬᠤ ᠬᠡᠷᠡᠭᠳᠡᠢ᠃ ᠲᠠᠪᠤ ᠳᠤ᠂ ︽ ᠮᠡᠳᠡᠯᠭᠡ ᠮᠡᠬᠦᠰ ᠴᠢᠳᠠᠪᠤᠷᠢ ᠳᠤᠷᠤᠢ︾ | ᠠᠴᠠ ᠪᠤᠯᠤᠭᠰᠠᠨ ᠭᠡᠯᠮᠡᠭᠳᠡᠯ ᠤᠨ ᠰᠡᠳᠬᠢᠴᠡ ᠶᠢ ᠡᠷᠡᠰ ᠠᠷᠢᠯᠭᠠᠬᠤ ᠬᠡᠷᠡᠭᠳᠡᠢ ᠃ ᠵᠢᠷᠭᠤᠭ᠎ᠠ ᠳᠤ᠂ ︽ | ᠱᠠᠭᠠᠷᠳᠠᠬᠤ ᠦᠭᠡᠢ ᠡᠷᠬᠢᠯᠡᠬᠦ ᠦᠭᠡᠢ᠂ ᠠᠬᠢᠭᠤᠯᠬᠤ ᠦᠭᠡᠢ ᠬᠦᠳᠡᠯᠬᠦ ᠦᠭᠡᠢ︾ ᠤᠨᠵᠢᠷᠠᠭᠤᠯᠵᠤ | ᠰᠤᠨᠵᠢᠷᠠᠭᠤᠯᠬᠤ ᠦᠵᠡᠯᠳᠡ ᠶᠢ ᠡᠷᠡᠰ ᠠᠷᠯᠭᠠᠬᠤ ᠬᠡᠷᠡᠭᠳᠡᠢ ᠃ ᠲᠤᠯᠤᠭ᠎ᠠ ᠳᠤ᠂ ︽ ᠠᠮᠵᠢᠯᠳᠠ ᠤᠯᠬᠤ ᠦᠭᠡᠢ | ᠠᠴᠠ ᠠᠶᠤᠵᠤ᠂ ᠤᠷᠤᠭᠰᠢ ᠰᠢᠪᠳᠤᠯᠬᠤ ᠳᠤᠷ᠎ᠠ ᠦᠭᠡᠢ︾ ᠬᠠᠯᠠᠰᠢᠷᠠᠬᠤ ᠰᠡᠳᠬᠢᠯᠭᠡ ᠶᠢ ᠡᠷᠡᠰ ᠠᠷᠢᠯᠭᠠᠬᠤ | ᠬᠡᠷᠡᠭᠳᠡᠢ ᠃ ᠨᠠᠢᠮᠠ ᠳᠤ ︽ ᠤᠪ ᠮᠡᠭᠡ ᠭᠠᠷᠭᠠᠨ᠂ ᠯᠠᠷᠵᠢᠶ᠎ᠠ ᠶᠠᠩᠪᠠ ᠲᠠᠲᠠᠬᠤ︾ ᠬᠡᠢ ᠬᠤᠭᠤᠰᠣᠨ ᠰᠡᠳᠬᠢᠴᠡ ᠶᠢ | ᠡᠷᠡᠰ ᠠᠷᠢᠯᠭᠠᠬᠤ ᠬᠡᠷᠡᠭᠳᠡᠢ ᠭᠡᠵᠡᠢ᠃ | ᠪᠥᠬᠦᠳᠡ ᠬᠤᠷᠠᠯᠳᠤᠭᠠᠨ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ | ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠷᠭᠠᠭᠤ | ᠬᠠᠲᠠᠭᠤᠵᠢᠯᠳᠠᠢ ᠠᠵᠢᠯᠯᠠᠨ ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠯᠠᠪᠳᠠᠭᠤᠨ ᠪᠠᠲᠤᠲᠠᠶ ᠠᠯᠬᠤᠭ᠎ᠠ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠩᠨᠢᠭᠤᠳ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠶ ᠭᠡᠵᠦ ᠤᠷᠢᠶᠠᠯᠠᠪᠠ᠃ | | |