| | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ | ︽ᠣᠩᠨᠢᠭᠤᠳ ᠬᠤᠰᠢᠭᠤᠨ ᠤ ᠠᠵᠤ ᠦᠢᠯᠡᠳᠪᠦᠷᠢ︾ ᠶᠢᠨ ᠠᠬᠢᠴᠠ ᠶᠢ ᠲᠦᠷᠭᠡᠳᠬᠡᠬᠦ ᠬᠡᠷᠡᠭᠲᠡᠶ ᠭᠡᠵᠦ ᠳᠤᠷᠠᠳᠪᠠ᠃ | ᠡᠨᠡᠬᠦ ᠬᠠᠷᠠᠯᠲᠠ ᠨᠢ ᠤᠯᠤᠰ ᠤᠨ ᠦᠮᠴᠢᠯᠡᠯᠳᠥ ᠡᠳ᠋ ᠬᠥᠷᠥᠩᠭᠡ ᠤᠯᠤᠰ ᠤᠨ ᠦᠮᠴᠢᠯᠡᠯᠳᠥ ᠠᠵᠤ ᠠᠬᠤᠶᠢᠯᠠᠯ ᠪᠣᠯᠤᠨ | ᠠᠷᠠᠳ ᠤᠨ ᠡᠵᠡᠩᠨᠡᠯᠳᠥ ᠠᠵᠤ ᠠᠬᠤᠶᠢᠯᠠᠯ ᠤᠨ ᠳᠤᠮᠳᠠ ᠬᠠᠯᠠᠭᠤᠨ ᠲᠤᠰᠬᠠᠯ ᠭᠠᠷᠴᠤ ᠂ ᠤᠯᠠᠨ ᠢᠶᠠᠷ ᠢᠶᠠᠨ᠂ ᠠᠵᠤ | ᠦᠢᠯᠡᠳᠪᠦᠷᠢ ᠶᠢ ᠶᠡᠬᠡᠪᠡᠷ ᠠᠳᠬᠤᠬᠤ ᠶᠢ ᠭᠤᠶᠢᠪᠢᠰᠢ ᠦᠭᠡᠢ ᠪᠠᠷᠢᠮᠲᠠᠯᠠᠵᠤ᠂ ︽ᠣᠩᠨᠢᠭᠤᠳ ᠬᠤᠰᠢᠭᠤᠨ ᠤ ᠠᠵᠤ | ᠦᠢᠯᠡᠳᠪᠦᠷᠢ︾ ᠶᠢᠨ ᠨᠡᠷ᠎ᠡ ᠲᠦᠷᠥ ᠶᠢ ᠳᠠᠬᠢᠨ ᠠᠯᠳᠠᠷᠰᠢᠭᠤᠯᠬᠤ ᠬᠠᠷᠠᠯᠲᠠ ᠶᠢ ᠵᠤᠷᠢᠨ᠂ ᠡᠬᠢ ᠪᠠᠶᠠᠯᠢᠭ ᠤᠨ | ᠳᠠᠪᠠᠭᠤᠯᠢᠭ ᠪᠣᠯᠤᠨ ᠠᠵᠤ ᠦᠢᠯᠡᠰ ᠤᠨ ᠳᠠᠪᠠᠭᠤᠯᠢᠭ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨ᠎ᠡ ᠡᠨᠧᠷᠭᠢ᠂ ᠲᠡᠮᠦᠷᠯᠢᠭ | ᠬᠠᠶᠢᠯᠤᠭᠤᠯᠬᠤ᠂ ᠠᠭᠤᠷᠬᠠᠢ ᠶᠢᠨ ᠦᠢᠯᠡᠰ ᠤᠨ ᠠᠵᠤ ᠠᠬᠤᠢ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ᠂ | ᠲᠠᠷᠢᠶᠠᠯᠠᠩ ᠤᠨ ᠪᠦᠲᠦᠭᠡᠭᠳᠡᠬᠦᠨ ᠮᠠᠯᠵᠢᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠵᠡᠷᠭᠡ ᠭᠤᠣᠯᠯᠠᠬᠤ ᠠᠵᠤ | ᠦᠢᠯᠡᠰ ᠢ ᠲᠤᠪᠤᠶᠢᠮ᠎ᠠ ᠰᠠᠶᠢᠲᠤᠷ ᠠᠳᠬᠤᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠤᠨ᠎ᠠ ᠭᠡᠵᠦ ᠰᠠᠨᠠᠯ ᠨᠢᠭᠡᠲᠡᠢ | ᠢᠯᠡᠳᠬᠡᠵᠡᠭᠡᠪᠡ᠃ | ᠤᠯᠠᠭᠠᠨᠬᠠᠳᠠ ᠶᠢᠨ ᠯᠦᠩ ᠶᠦᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠶᠠᠨ ᡁᠢ ᠹᠧᠩ ᠶᠠᠷᠢᠶᠠᠨ ᠳᠠᠭᠠᠨ᠂ ᠪᠢᠳᠡ ᠶᠡᠭᠡ ᠬᠤᠷᠠᠯ ᠤᠨ ᠵᠤᠷᠢᠭ ᠰᠠᠨᠠᠭ᠎ᠠ ᠲᠠᠢ | ᠤᠶᠠᠯᠳᠤᠭᠤᠯᠵᠤ᠂ ᠺᠣᠮᠫᠠᠨᠢ ᠶᠢᠨ ᠢᠶᠠᠨ ᠤᠰᠤᠨ ᠤ ᠡᠬᠢ ᠪᠠᠶᠠᠯᠢᠭ ᠢ ᠳᠠᠬᠢᠨ ᠠᠰᠢᠭᠯᠠᠬᠤ ᠠᠵᠢᠯ ᠢ ᠶᠡᠬᠡᠪᠡᠷ | ᠥᠷᠨᠢᠭᠦᠯᠵᠦ᠂ ᠰᠢᠢᠳᠪᠥᠷᠢᠯᠡᠭᠰᠡᠨ ᠪᠤᠬᠢᠷ ᠤᠰᠤ ᠶᠢ ᠬᠤᠲᠠ ᠪᠠᠯᠭᠠᠰᠤᠨ ᠤ ᠨᠣᠭᠤᠭᠠᠷᠠᠭᠤᠯᠤᠯᠲᠠ᠂ ᠠᠵᠤ | ᠦᠢᠯᠡᠳᠪᠦᠷᠢ ᠶᠢᠨ ᠦᠢᠯᠡᠳᠪᠦᠷᠢᠯᠡᠯ᠂ ᠪᠠᠷᠢᠯᠭ᠎ᠠ ᠶᠢᠨ ᠠᠵᠢᠯ ᠵᠡᠷᠭᠡ ᠬᠦᠷᠢᠶᠡᠨ ᠳᠤ ᠳᠠᠬᠢᠨ ᠠᠰᠢᠭᠯᠠᠭᠤᠯᠵᠤ᠂ ᠤᠰᠤᠨ ᠤ | ᠡᠬᠢ ᠪᠠᠶᠠᠯᠢᠭ ᠢ ᠡᠷᠴᠢᠮᠵᠢᠭᠦᠯᠬᠦ᠂ ᠠᠷᠪᠢᠯᠠᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ ᠭᠡᠪᠡ᠃ | ᠤᠯᠠᠭᠠᠨᠬᠠᠳᠠ ᠶᠢᠨ ᠮᠧᠩ ᠳ᠋ᠢ ᠠᠭᠤᠷᠬᠠᠢ ᠶᠢᠨ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ | ᠸᠠᠩ ᠬᠤᠩ ᠷᠠᠨ ᠶᠠᠷᠢᠶᠠᠨ ᠳᠠᠭᠠᠨ ᠶᠡᠭᠡ ᠬᠤᠷᠠᠯ ᠤᠨ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠤᠷᠴᠢᠨ ᠤ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠬᠤ | ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠵᠡᠷᠭᠡ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ︽ᠬᠥᠭᠵᠢᠯᠲᠡ ᠶᠢᠨ ᠬᠡᠪᠴᠢᠶ᠎ᠡ︾ | ᠶᠢ ᠪᠠᠨ ᠲᠠᠰᠤᠷᠠᠯᠲᠠ ᠥᠬᠡᠶ ᠦᠷᠭᠡᠳᠬᠡᠨ᠂ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ | ᠰᠢᠨ᠎ᠡ ᠡᠨᠧᠷᠭᠢ ᠶᠢᠨ ᠠᠵᠤ ᠦᠢᠯᠡᠰ ᠪᠠ ᠠᠭᠤᠷᠬᠠᠶ ᠶᠢᠨ ᠦᠢᠯᠡᠰ ᠤᠨ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ | ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠰᠡᠨ ᠪᠠᠶᠢᠨ᠎ᠠ᠃ | ᠠᠷᠠᠳ ᠤᠨ ᠡᠵᠡᠩᠨᠡᠯᠳᠥ ᠠᠵᠤ ᠠᠬᠤᠢ ᠶᠢ ᠬᠥᠭᠵᠢᠭᠦᠯᠬᠦ ᠪᠣᠯ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠬᠥᠳᠡᠯᠭᠡᠭᠦᠷ ᠬᠦᠴᠥᠨ ᠪᠤᠯᠬᠤ ᠶᠤᠮ ᠃ ᠥᠷᠭᠡᠨ ᠤᠯᠠᠨ ᠠᠷᠠᠳ ᠤᠨ | ᠡᠵᠡᠩᠨᠡᠯᠳᠥ ᠠᠵᠤ ᠠᠬᠤᠶᠢᠯᠠᠯᠲᠠᠳ᠂ ᠦᠪᠡᠷ ᠤᠨ ᠪᠡᠶ᠎ᠡ ᠶᠢᠨ ᠥᠭᠡᠷᠡᠴᠢᠯᠡᠯᠲᠡ ᠬᠥᠭᠵᠢᠯᠲᠡ᠂ ᠡᠵᠡᠩᠨᠡᠯᠲᠡ ᠶᠢᠨ | ᠰᠢᠨ᠎ᠡ ᠶᠢ ᠡᠭᠦᠳᠬᠦ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠᠷ ᠳᠠᠮᠵᠢᠭᠤᠯᠵᠤ᠂ ᠬᠥᠭᠵᠢᠯᠲᠡ ᠶᠢᠨ ᠶᠠᠰᠤ | ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ ᠰᠢᠯᠢᠳᠡᠭᠵᠢᠭᠦᠯᠵᠦ | ᠬᠦᠴᠥᠷᠬᠡᠭᠵᠢᠭᠦᠯᠥᠨ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ ᠭᠡᠵᠦ ᠢᠯᠡᠳᠬᠡᠵᠡᠭᠡᠪᠡ᠃ | ᠵᠦᠩ ᠯᠢ ᠶᠢᠦ ᠺᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠳᠠᠭᠠᠭᠠᠮᠠᠯ ᠬᠠᠨ ᠲᠤᠤ | ᠶᠠᠷᠢᠶᠠᠨ ᠳᠠᠭᠠᠨ ᠶᠡᠭᠡ ᠬᠤᠷᠠᠯ ᠤᠨ ᠠᠵᠢᠳᠠᠢ ᠲᠤᠬᠢᠶᠠᠯ ᠢ ᠡᠵᠡᠮᠳᠡᠨ ᠂ ᠪᠦᠬᠦ ᠠᠵᠤ ᠦᠢᠯᠡᠰ ᠤᠨ ᠬᠡᠯᠬᠢᠶᠡᠵᠢᠯ ᠤᠨ | ᠪᠡᠯᠡ ᠣᠷᠣᠭᠤᠯᠤᠯᠲᠠ ᠶᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠩᠨᠢᠭᠤᠳ ᠬᠤᠰᠢᠭᠤᠨ ᠤ ᠨᠤᠶᠢᠯ | ᠪᠤᠭᠤᠳᠠᠢ ᠶᠢᠨ ᠤᠶᠤᠨᠴᠢᠯᠠᠭᠰᠠᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶᠡᠵᠢᠯ ᠢ ᠪᠣᠶ ᠪᠣᠯᠭᠠᠵᠤ᠂ ᠨᠡᠶᠢᠭᠡᠮ ᠨᠡᠶᠢᠲᠡ | ᠳᠤ ᠠᠮᠤᠷ ᠲᠦᠪᠰᠢᠨ᠂ ᠰᠢᠮ᠎ᠡ ᠲᠡᠵᠢᠭᠡᠯᠳᠥ᠂ ᠡᠷᠡᠭᠦᠯ ᠰᠠᠷᠠᠭᠤᠯ ᠨᠦᠢᠯ ᠪᠣᠭᠤᠳᠠᠶ ᠶᠢᠨ ᠰᠢᠷᠡᠰ ᠢᠳᠡᠭᠡᠨ ᠬᠠᠩᠭᠠᠨ ᠂ | ᠥᠪᠥᠷ ᠮᠣᠩᠭᠤᠯ ᠤᠷᠤᠨ ᠤ ᠨᠦᠢᠯ ᠪᠤᠭᠤᠳᠠᠢ ᠶᠢᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠪᠣᠶ ᠪᠣᠯᠭᠠᠨ᠎ᠠ ᠭᠡᠪᠡ᠃ | ᠠᠩᠭᠢᠯᠤᠮᠠᠯ ᠴᠡᠴᠡᠭ ᠮᠣᠩᠭᠤᠯ ᠬᠠᠳᠬᠤᠮᠠᠯ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠸᠠᠨ | ᠬᠤᠸᠠ ᠶᠠᠷᠢᠶᠠᠨ ᠳᠠᠭᠠᠨ᠂ ᠪᠢᠳᠡ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠪᠠ ᠣᠯᠠᠨ ᠲᠦᠮᠡᠨᠴᠢᠯᠡᠭᠰᠡᠨ ᠵᠢᠷᠤᠭ | ᠲᠥᠯᠥᠪᠯᠡᠭᠡ ᠶᠢᠨ ᠣᠶᠢᠯᠠᠭᠠᠭᠳᠠᠬᠤᠨ ᠢ ᠠᠰᠢᠭᠯᠠᠨ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ | ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠨ᠂ ᠬᠤᠪᠴᠠᠰᠤ ᠵᠠᠰᠠᠯ ᠤᠨ ᠠᠵᠤ ᠦᠢᠯᠡᠰ ᠤᠨ ᠰᠢᠯᠢᠳᠡᠭᠵᠢᠨ | ᠨᠠᠷᠢᠯᠢᠭᠵᠢᠵᠤ᠂ ᠪᠤᠵᠠᠭᠠᠶᠢᠷᠠᠨ ᠬᠦᠴᠥᠷᠬᠡᠭᠵᠢᠵᠥ᠂ ᠠᠮᠢᠳᠤᠯᠢᠭᠵᠢᠨ ᠬᠦᠭᠵᠢᠬᠦ ᠳᠤ ᠬᠤᠪᠢ ᠨᠡᠮᠡᠷᠢ ᠦᠵᠡᠭᠦᠯᠥᠨᠡ | ᠭᠡᠰᠡᠨ ᠪᠠᠶᠢᠨ᠎ᠠ ᠃ | ᠤᠯᠠᠭᠠᠨᠬᠠᠳᠠ ᠶᠢᠨ ᠬᠤᠸᠠ ᠶᠤᠸᠠᠨ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠤᠨ ᠱᠦᠵᠢ | ᠶᠡᠷᠦᠩᠬᠡᠶ ᠳᠠᠭᠠᠭᠠᠮᠠᠯ ᠸᠠᠩ ᠶᠦᠩ ᠯᠦᠩ ᠶᠠᠷᠢᠬᠤ ᠳᠠᠭᠠᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠭᠪᠤᠷ ᠤᠨ | ᠰᠢᠨ᠎ᠡ ᠶᠢ ᠡᠭᠦᠳᠴᠦ᠂ ᠭᠠᠵᠠᠷ ᠣᠷᠣᠨ ᠤ ᠨᠠᠷᠠᠲᠤ ᠲᠡᠮᠳᠡᠭᠲᠦ ᠶᠢ ᠪᠣᠶ ᠪᠤᠯᠭᠠᠨ᠂ ᠤᠯᠠᠮᠵᠢᠯᠠᠯᠲᠤ ᠦᠢᠯᠡᠳᠪᠥᠷᠢ ᠶᠢᠨ | ᠤᠷᠠᠯᠠᠯ ᠢ ᠡᠵᠡᠮᠰᠢᠵᠥ᠂ ᠴᠢᠨᠠᠷ ᠰᠠᠶᠢᠲᠠᠶ ᠦᠢᠯᠡᠳᠬᠦᠨ ᠬᠠᠩᠭᠠᠨ᠂ ᠪᠣᠷᠣᠯᠠᠭᠤᠯᠭ᠎ᠠ ᠶᠢᠨ ᠣᠷᠣᠨ ᠪᠦᠰᠡ ᠶᠢ ᠥᠷᠭᠡᠳᠬᠡᠨ᠂ | ᠬᠠᠭᠤᠴᠢᠨ ᠬᠦᠷᠥᠩᠭᠡ ᠶᠢᠨ ᠨᠠᠷᠠᠲᠤ ᠲᠡᠮᠳᠡᠭᠲᠦ ᠶᠢᠨ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠩᠨᠢᠭᠤᠳ | ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ ᠃ | ᠥᠪᠥᠷ ᠮᠣᠩᠭᠤᠯ ᠤᠨ ᠣᠩᠨᠢᠭᠤᠳ ᠬᠤᠰᠢᠭᠤᠨ ᠤ ᠮᠦ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠰᠦᠩ ᠲᠤᠤ ᠶᠠᠷᠢᠶᠠᠨ ᠳᠠᠭᠠᠨ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ | ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ᠂ ᠭᠠᠭ᠋ᠠᠢ ᠲᠡᠵᠢᠭᠡᠬᠦ | ᠤᠶᠤᠨᠴᠢᠯᠠᠭᠰᠠᠨ ᠦᠢᠯᠡᠳᠪᠦᠷᠢᠯᠡᠯ ᠢ ᠠᠬᠢᠭᠤᠯᠵᠤ᠂ ᠠᠵᠤ ᠠᠬᠤᠢ ᠂ ᠨᠡᠶᠢᠭᠡᠮ ᠂ ᠣᠷᠴᠢᠨ ᠲᠣᠭᠤᠷᠢᠨ ᠤ ᠦᠷ᠎ᠡ | ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ ᠭᠡᠰᠡᠨ ᠪᠠᠶᠢᠨ᠎ᠠ᠃ | | |