ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ ︵ᠬᠤᠶᠠᠷ︶
ᠨᠡᠶᠢᠲᠡᠯᠡᠭᠰᠡᠨ ᠴᠠᠭ᠄
2025/1/15
         ᠪᠦᠬᠦ ᠬᠦᠴᠦᠨ ᠢᠶᠠᠷ ᠢᠶᠠᠨ ︽ᠨᠠᠢᠮᠠ ᠶᠢ ᠡᠷᠡᠰ ᠳᠡᠪᠴᠢᠬᠦ︾ ᠶᠢ ᠪᠡᠶᠡᠯᠡᠭᠦᠯᠬᠦ ᠬᠡᠷᠡᠭᠲᠡᠢ     ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ ᠳᠤᠷᠠᠳᠤᠭᠰᠠᠨ ᠨᠢ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠠᠬᠢ ᠠᠵᠢᠯ ᠤᠨ ᠱᠠᠭᠠᠷᠳᠠᠯᠭ᠎ᠠ ᠪᠣᠯ᠄ ᠬᠡᠯᠡᠭᠰᠡᠨ ᠦᠭᠡᠨ ᠳᠡᠭᠡᠨ ᠵᠠᠪᠠᠯ ᠰᠠᠭᠤᠵᠤ᠂ ᠬᠢᠬᠦ ᠪᠠᠷ ᠲᠣᠭᠲᠠᠮᠠᠭᠴᠠ ᠭᠠᠷ ᠬᠦᠳᠡᠯᠦᠨ ᠲᠦᠷᠭᠡᠨ ᠠᠵᠢᠯᠯᠠᠵᠤ᠂ ᠲᠡᠷᠡ ᠮᠦᠷᠲᠡᠭᠡᠨ ᠬᠢᠪᠡᠯ ᠳᠠᠷᠤᠢ ᠰᠠᠶᠢᠨ ᠬᠢᠬᠦ ᠬᠡᠷᠡᠭᠲᠡᠢ᠂ ᠠᠵᠢᠯ ᠦᠢᠯᠡᠰ ᠪᠣᠰᠬᠠᠬᠤ ᠴᠤᠭ ᠰᠦᠯᠳᠡ ᠪᠠᠨ ᠪᠠᠳᠠᠷᠠᠭᠤᠯᠵᠤ᠂ ︽ᠨᠠᠢᠮᠠ ᠶᠢ ᠡᠷᠡᠰ ᠳᠡᠪᠴᠢᠬᠦ︾ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠂ ᠦᠵᠡᠯ ᠰᠠᠨᠠᠭᠠᠨ ᠤ ᠲᠠᠯ᠎ᠠ ᠪᠠᠷ ᠬᠠᠭᠤᠴᠢᠨ ᠬᠡᠪᠰᠢᠮᠡᠯ ᠢᠶᠠᠨ ᠲᠠᠶᠠᠭᠳᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢᠪᠲᠤᠯᠤᠯᠲᠠ ᠭᠠᠷᠭᠠᠨ᠂ ᠴᠢᠨᠠᠷ ᠰᠠᠶᠢᠲᠠᠶ ᠬᠥᠭᠵᠢᠯᠲᠡ ᠠᠬᠢᠭᠤᠯᠬᠤ ᠬᠡᠷᠡᠭᠲᠡᠢ ᠭᠡᠵᠡᠢ᠃     ︽ᠨᠠᠢᠮᠠ ᠶᠢ ᠡᠷᠡᠰ ᠳᠡᠪᠴᠢᠬᠦ︾ ᠭᠡᠳᠡᠭ ᠨᠢ ᠳᠠᠷᠤᠢ ᠦᠵᠡᠯ ᠰᠠᠨᠠᠭᠠᠨ ᠤ ᠲᠠᠯ᠎ᠠ ᠪᠠᠷ ᠬᠠᠭᠤᠴᠢᠨ ᠬᠡᠪᠰᠢᠮᠡᠯ ᠢᠶᠠᠨ ᠪᠠᠷᠢᠮᠲᠠᠯᠠᠬᠤ ᠶᠢ ᠡᠷᠡᠰ ᠳᠡᠪᠴᠢᠬᠦ᠂ ᠲᠦᠭᠵᠢᠮᠡᠯ ᠢᠪᠴᠤᠤ ᠦᠵᠡᠯᠲᠡ ᠶᠢ ᠡᠷᠡᠰ ᠳᠡᠪᠴᠢᠬᠦ᠂ ᠠᠵᠢᠯ ᠤᠨ ᠲᠠᠯ᠎ᠠ ᠪᠠᠷ ᠢᠳᠡᠪᠬᠢᠵᠢᠯ ᠦᠭᠡᠢ ᠦᠵᠡᠯᠲᠡ ᠶᠢ ᠡᠷᠡᠰ ᠳᠡᠪᠴᠢᠬᠦ᠂ ᠡᠷᠬᠡ ᠵᠡᠷᠭᠡ ᠶᠢ ᠯᠡ ᠬᠦᠭᠡᠭᠡᠴᠡᠯᠳᠦᠵᠦ ᠠᠵᠢᠯ ᠤᠨ ᠪᠦᠲᠦᠮᠵᠢ ᠶᠢ ᠬᠠᠶᠢᠬᠤᠷᠬᠤ ᠦᠭᠡᠢ ᠪᠠᠶᠢᠬᠤ ᠦᠵᠡᠯᠲᠡ ᠶᠢ ᠡᠷᠡᠰ ᠳᠡᠪᠴᠢᠬᠦ᠂ ᠴᠢᠳᠠᠯ ᠲᠡᠩᠬᠡᠭᠡ ᠬᠦᠷᠦᠯᠴᠡᠬᠦ ᠦᠭᠡᠢ ᠭᠡᠵᠦ ᠪᠡᠶ᠎ᠡ ᠪᠠᠨ ᠭᠤᠯᠤᠬᠤ ᠦᠵᠡᠯᠲᠡ ᠶᠢ ᠡᠷᠡᠰ ᠳᠡᠪᠴᠢᠬᠦ᠂ ᠠᠯᠪᠠᠳᠠᠬᠤ ᠦᠭᠡᠢ ᠪᠤᠯ ᠬᠢᠬᠦ ᠦᠭᠡᠢ ᠬᠤᠶᠢᠷᠭᠤᠰᠢᠬᠤ ᠦᠵᠡᠯᠲᠡ ᠶᠢ ᠡᠷᠡᠰ ᠳᠡᠪᠴᠢᠬᠦ᠂ ᠬᠦᠴᠢᠷ ᠪᠡᠷᠬᠡ ᠠᠴᠠ ᠵᠢᠷᠦᠬᠡᠰᠢᠶᠡᠨ ᠬᠤᠶᠢᠰᠢ ᠤᠬᠤᠷᠢᠬᠤ ᠦᠵᠡᠯᠲᠡ ᠶᠢ ᠡᠷᠡᠰ ᠳᠡᠪᠴᠢᠬᠦ᠂ ᠯᠡᠷᠵᠢᠶᠠᠯᠠᠵᠤ ᠶᠠᠩᠪᠠᠯᠠᠭᠠᠳ ᠦᠩᠭᠡᠨ ᠲᠠᠯ᠎ᠠ ᠶᠢ ᠯᠡ ᠬᠦᠭᠡᠭᠡᠴᠡᠯᠳᠦᠬᠦ ᠦᠵᠡᠯᠲᠡ ᠶᠢ ᠡᠷᠡᠰ ᠳᠡᠪᠴᠢᠬᠦ ᠵᠡᠷᠭᠡ ᠪᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号