| | 1 ᠰᠠᠷ᠎ᠠ ᠶᠢᠨ 13 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠬᠥᠭᠵᠢᠯᠲᠦ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ | ᠵᠦᠪᠯᠡᠯ ᠤᠨ ᠪᠠᠶᠢᠩᠭᠤ ᠶᠢᠨ ᠵᠦᠪᠯᠡᠯ ᠤᠨ ᠬᠤᠷᠢᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠶᠠᠨ᠂ | ᠰᠠᠶᠢᠨᠪᠠᠲᠤ᠂ ᠶᠠᠩ ᠪᠦᠦ ᠰᠧᠨ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠰᠢᠨ᠎ᠡ ᠵᠢᠯ ᠤᠨ ᠴᠠᠶᠢᠯᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ ᠃ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ | ᠬᠤᠰᠢᠭᠤᠨ ᠤ ᠵᠦᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ | ᠪᠠᠲᠤᠯᠠᠪᠠ ᠃ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ | ᠬᠤᠰᠢᠭᠤᠨ ᠤ ᠵᠦᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠡᠳᠦᠷ ᠤᠨ ᠳᠠᠷᠠᠭᠠᠯᠠᠯ᠂ ᠡᠯ᠎ᠡ | ᠤᠳᠠᠭ᠎ᠠ ᠶᠢᠨ ᠪᠦᠬᠦᠳᠡ ᠬᠤᠷᠠᠯ ᠤᠨ ᠡᠷᠬᠢᠯᠡᠭᠴᠢ ᠶᠢᠨ ᠨᠡᠷᠡᠰ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ | ᠵᠢᠵᠢᠭᠦᠷ ᠤᠨ ᠡᠳᠦᠷ ᠤᠨ ᠠᠵᠢᠯ ᠤᠨ ᠬᠤᠪᠢᠶᠠᠷᠢᠯᠠᠯ᠂ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ | ᠳᠠᠷᠤᠭ᠎ᠠ ᠶᠢᠨ ᠨᠡᠷᠡᠰ ᠵᠢᠴᠢ ᠠᠵᠢᠯ ᠤᠨ ᠪᠠᠶᠢᠭᠤᠯᠤᠮᠵᠢ ᠪᠣᠯᠤᠨ ᠠᠵᠢᠯ ᠤᠨ ᠬᠤᠪᠢᠶᠠᠷᠢᠯᠠᠯ ᠤᠨ ᠲᠥᠰᠦᠯ ᠢ ᠬᠢᠨᠠᠨ | ᠵᠥᠪᠯᠡᠵᠦ ᠪᠠᠲᠤᠯᠠᠪᠠ ᠃ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ | ᠣᠩᠨᠢᠭᠤᠳ ᠬᠤᠰᠢᠭᠤᠨ ᠤ ᠵᠦᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠶᠠᠷᠢᠯᠴᠠᠬᠤ ᠳᠤᠭᠤᠶᠢᠯᠠᠩ ᠤᠨ | ᠳᠤᠭᠤᠶᠢᠯᠠᠩ ᠬᠤᠪᠢᠶᠠᠬᠤ ᠠᠷᠭ᠎ᠠ ᠪᠣᠯᠤᠨ ᠬᠤᠷᠠᠯ ᠡᠷᠬᠢᠯᠡᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ ᠃ ︽ | ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ | ᠤᠨ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠭᠦᠯᠦᠯᠲᠡ︾᠂ ︽ᠤᠯᠤᠰ ᠲᠦᠷᠦ ᠶᠢᠨ ᠵᠥᠪᠯᠡᠯᠭᠡᠨ ᠤ ᠠᠷᠪᠠᠨ | ᠲᠠᠪᠤᠳᠤᠭᠠᠷ ᠬᠤᠭᠤᠴᠠᠭᠠᠨ ᠤ ᠣᠩᠨᠢᠭᠤᠳ ᠬᠤᠰᠢᠭᠤᠨ ᠤ ᠵᠦᠪᠯᠡᠯ ᠤᠨ ᠪᠠᠶᠢᠩᠭᠤ ᠶᠢᠨ ᠵᠦᠪᠯᠡᠯ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ | ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠶᠠᠷᠢᠯᠴᠠᠨ ᠪᠠᠲᠤᠯᠠᠵᠤ | ᠮᠡᠳᠡᠭᠦᠯᠥᠯᠳᠡ ᠬᠢᠬᠦ ᠬᠦᠮᠥᠨ ᠶᠢ ᠶᠠᠷᠢᠯᠴᠠᠨ ᠲᠣᠭᠲᠠᠭᠠᠪᠠ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ | ᠪᠠᠲᠤᠯᠠᠪᠠ ᠃ |