ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶ᠋ᠴᠡᠳᠬᠡᠵᠦ ᠨᠡᠷ᠎ᠡ ᠨᠢᠳᠡᠷ ᠲᠡᠭᠡᠨ ᠨᠡᠶᠢᠴᠡᠭᠰᠡᠨ ᠠᠷᠠᠳ ᠤᠨ ᠲᠦᠯᠦᠭᠡᠯᠡᠭᠴᠢ ᠪᠤᠯᠵᠠᠭᠠᠶ᠎ᠠ
ᠨᠡᠶᠢᠲᠡᠯᠡᠭᠰᠡᠨ ᠴᠠᠭ᠄
2025/1/15
     ᠣᠷᠳᠣ ᠬᠤᠭᠤᠴᠠᠭᠠᠨ ᠤ ᠲᠤᠷᠰᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤᠨ ᠨᠠᠮ ᠤᠨ ᠬᠤᠷᠢᠶᠠᠨ ᠤ ᠭᠤᠤᠯ ᠠᠵᠢᠯ ᠲᠠᠢ ᠨᠢᠭᠲᠠ ᠤᠶᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠦᠴᠦᠯᠡᠬᠦ ᠴᠡᠭ ᠪᠣᠯᠭᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠨ ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠭᠡᠭᠰᠡᠨ ᠪᠠᠶᠢᠨ᠎ᠠ᠃      ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠨᠠᠰᠢ᠂ ᠡᠯ᠎ᠡ ᠱᠠᠲᠤᠨ ᠤ ᠠᠷᠠᠳ ᠤᠨ ᠲᠦᠯᠥᠭᠡᠯᠡᠭᠴᠢᠳ ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠲᠠᠢ ᠨᠢᠭᠲᠠ ᠬᠠᠷᠢᠯᠴᠠᠨ᠂ ᠣᠯᠠᠨ ᠲᠦᠮᠡᠨ ᠢ ᠰᠤᠷᠪᠤᠯᠵᠢᠯᠠᠬᠤ᠂ ᠠᠷᠠᠳ ᠤᠨ ᠰᠠᠨᠠᠯ ᠶᠢ ᠴᠤᠭᠯᠠᠭᠤᠯᠬᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠭᠰᠠᠨ ᠪᠠᠶᠢᠨ᠎ᠠ᠃ᠬᠤᠰᠢᠭᠤᠨ ᠤ ᠠᠷᠠᠳ ᠤᠨ ᠲᠥᠯᠥᠭᠡᠯᠡᠭᠴᠢ ᠸᠠᠩ ᠰᠢᠤᠢ ᠬᠡᠯᠡᠭᠰᠡᠨ ᠨᠢ᠄ 2024 ᠣᠨ ᠳᠤ᠂ ᠭᠤᠸᠠᠩ ᠳ᠋ᠧ ᠬᠦᠩ ᠪᠠᠯᠭᠠᠰᠤ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠮᠤ ᠪᠤᠷᠴᠠᠭ᠂ ᠢᠳᠡᠰᠢᠨ ᠨᠣᠭᠤᠭ᠎ᠠ᠂ ᠠᠯᠠᠰᠢᠨ ᠦᠬᠡᠷ᠂ ᠱᠤᠤ ᠪᠤᠭᠤ᠂ ᠬᠤᠸᠠᠷ ᠴᠡᠴᠡᠭ ᠵᠡᠷᠭᠡ ᠲᠠᠪᠤᠨ ᠶᠡᠭᠡ ᠭᠤᠤᠯᠯᠠᠬᠤ ᠠᠵᠤ ᠦᠢᠯᠡᠰ ᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠪᠤᠯᠤᠨ ᠬᠠᠮᠲᠤ ᠶᠢᠨ ᠠᠵᠤ ᠠᠬᠤᠶ ᠶᠢᠨ ᠪᠤᠵᠠᠭᠠᠶᠢᠷᠠᠯ ᠢ ᠦᠷᠭᠦᠯᠵᠢᠯᠡᠨ ᠠᠬᠢᠭᠤᠯᠤᠭᠰᠠᠨ ᠪᠠᠶᠢᠨ᠎ᠠ ᠭᠡᠵᠡᠢ᠃     ᠬᠤᠰᠢᠭᠤᠨ ᠤ ᠠᠷᠠᠳ ᠤᠨ ᠲᠥᠯᠥᠭᠡᠯᠡᠭᠴᠢ ᠬᠥᠭᠵᠢᠯᠲᠦ ᠬᠡᠯᠡᠭᠰᠡᠨ ᠨᠢ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠭᠤᠨ ᠺᠢᠯᠣᠮᠧᠳ᠋ᠷ ᠤᠨ ᠬᠦᠷᠢᠶ᠎ᠡ ᠬᠠᠰᠢᠶᠠᠨ ᠤ ᠠᠵᠤ ᠠᠬᠤᠶ ᠶᠢᠨ ᠪᠦᠰᠡ ᠶᠢ ᠪᠠᠶᠢᠭᠤᠯᠬᠤ ᠶᠢ ᠣᠨᠴᠠᠯᠢᠭᠲᠤ ᠠᠵᠤ ᠦᠢᠯᠡᠰ ᠢ ᠬᠦᠭᠵᠢᠭᠦᠯᠬᠦ ᠴᠢᠬᠤᠯᠠ ᠭᠠᠷᠳᠠᠴᠠ ᠪᠣᠯᠭᠠᠵᠤ᠂ 3 ᠠᠴᠠ 5 ᠵᠢᠯ ᠤᠨ ᠳᠣᠲᠣᠷ᠎ᠠ ᠪᠠᠶᠠᠨᠲᠣᠬᠤᠶ ᠰᠤᠮᠤ ᠶᠢ ᠥᠪᠥᠷ ᠮᠣᠩᠭᠤᠯ ᠤᠨ ᠵᠡᠭᠦᠨ ᠬᠡᠰᠡᠭ ᠣᠷᠣᠨ ᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠪᠤᠯᠭᠠᠬᠤ ᠪᠠᠷ ᠴᠢᠷᠮᠠᠶᠢᠨ᠎ᠠ ᠭᠡᠵᠡᠢ᠃     ᠬᠤᠰᠢᠭᠤᠨ ᠤ ᠠᠷᠠᠳ ᠤᠨ ᠲᠥᠯᠥᠭᠡᠯᠡᠭᠴᠢ ᠰᠤᠷᠤᠨ᠎ᠠ ᠬᠡᠯᠡᠭᠰᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠱᠤᠭᠤᠮ ᠮᠥᠨ᠃ ᠪᠢᠳᠡ ᠪᠠᠶᠠᠯᠢᠭ ᠠᠭᠤᠯᠭ᠎ᠠ ᠲᠠᠢ ᠤᠯᠠᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠤᠬᠠᠮᠰᠠᠷ ᠢ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠬᠢᠭᠤᠯᠤᠭᠴᠢ ᠪᠤᠯᠭᠠᠨ ᠬᠥᠮᠦᠵᠢᠭᠦᠯᠦᠨ᠎ᠡ ᠭᠡᠵᠡᠢ᠃     ᠰᠢᠨ᠎ᠡ ᠨᠢᠭᠡ ᠵᠢᠯ ᠳᠤ᠂ ᠲᠥᠯᠥᠭᠡᠯᠡᠭᠴᠢᠳ ᠢᠯᠡᠷᠬᠡᠶᠢᠯᠡᠭᠰᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶ᠋ᠯᠡᠴᠢᠯᠡᠬᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠳᠠᠭᠠᠭᠤᠯᠤᠭᠴᠢ︾ ᠪᠣᠯᠵᠣ᠂ ᠣᠩᠨᠢᠭᠤᠳ ᠬᠤᠰᠢᠭᠤᠨ ᠤ ᠪᠠᠨ ᠬᠦᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号