ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ ︵ᠭᠤᠷᠪᠠ︶
ᠨᠡᠶᠢᠲᠡᠯᠡᠭᠰᠡᠨ ᠴᠠᠭ᠄
2025/1/16
              2025 ᠣᠨ ᠤ ᠪᠦᠬᠦ ᠬᠤᠰᠢᠭᠤᠨ ᠤ ᠠᠵᠢᠯ ᠤᠨ ᠶᠡᠷᠦᠩᠬᠡᠢ ᠰᠡᠳᠬᠢᠮᠵᠢ      2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠢ ᠡᠬᠢᠯᠡᠨ ᠲᠦᠯᠦᠪᠵᠢᠭᠦᠯᠬᠦ ᠵᠢᠯ ᠪᠠᠶᠢᠵᠤ᠂ ᠨᠠᠩ ᠴᠢᠬᠤᠯᠠ ᠨᠢ ᠣᠩᠨᠢᠭᠤᠳ ᠬᠤᠰᠢᠭᠤ ᠲᠡᠤᠬᠡ ᠶᠢᠨ ᠠᠵᠠ ᠲᠣᠬᠢᠶᠠᠯ ᠢ ᠠᠮᠵᠢᠨ ᠬᠥᠭᠵᠢᠯᠲᠡ ᠪᠠᠨ ᠲᠦᠷᠭᠡᠳᠬᠡᠬᠦ᠂ ᠠᠷᠠᠳ ᠢᠶᠠᠨ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠪᠥᠬᠦ ᠲᠠᠯ᠎ᠠ ᠳᠤ ᠬᠤᠯᠪᠣᠭᠳᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠳᠠᠭ᠃       ᠬᠤᠰᠢᠭᠤᠨ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ ᠡᠨᠡ ᠵᠢᠯ ᠤᠨ ᠠᠵᠢᠯ ᠤᠨ ᠶᠡᠷᠦᠩᠬᠡᠶ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ 2025 ᠣᠨ ᠤ ᠠᠵᠤ ᠠᠬᠤᠶ ᠶᠢᠨ ᠠᠵᠢᠯ ᠪᠤᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠲᠤᠬᠠᠶ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠠᠭᠠᠷᠳᠠᠯᠭ᠎ᠠ ᠶᠢ ᠤᠨᠤᠪᠴᠢᠲᠠᠢ ᠤᠶᠢᠯᠠᠭᠠᠵᠤ᠂ ᠦᠪᠡᠷᠲᠡᠭᠡᠨ ᠤᠷᠤᠨ ᠪᠤᠯᠤᠨ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠵᠤ ᠠᠬᠤᠶ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠬᠥᠲᠥᠯᠦᠮᠵᠢ ᠪᠤᠯᠭᠠᠨ᠂ ᠲᠣᠭᠲᠠᠭᠤᠨ ᠤ ᠳᠤᠮᠳᠠ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ︽ᠨᠠᠢᠮᠠ ᠶᠢ ᠡᠷᠡᠰ ᠳᠡᠪᠴᠢᠬᠦ︾ ᠶᠢ ᠪᠡᠶᠡᠯᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠵᠠᠮᠨᠠᠵᠤ᠂ ᠠᠵᠤ ᠦᠢᠯᠡᠰ ᠤᠨ ᠬᠥᠭᠵᠢᠯᠲᠡ᠂ ᠬᠤᠲᠠ ᠬᠥᠳᠡᠭᠡ ᠶᠢᠨ ᠠᠭᠤᠰᠤᠯᠴᠠᠯ᠂ ᠠᠮᠢ ᠠᠬᠤᠶ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠠᠮᠤᠷ ᠲᠣᠭᠲᠠᠭᠤᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠨᠠᠩ ᠶᠡᠭᠡ ᠰᠢᠪᠲᠤᠯᠤᠯᠲᠠ ᠭᠠᠷᠭᠠᠨ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号