ᠪᠦᠬᠦ ᠤᠯᠤᠰ ᠤᠨ ᠵᠠᠭᠤᠨ  ᠨᠡᠷ᠎ᠠ  ᠤᠶᠤᠲᠠᠳ ᠤᠨ  ᠡᠪᠦᠯ ᠤᠨ ᠤᠯᠠᠷᠢᠯ  ᠳᠤ ᠥᠪᠥᠷ ᠮᠣᠩᠭᠤᠯ  ᠤᠷᠤᠨ  ᠳᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠮᠠᠨ ᠤ ᠬᠤᠰᠢᠭᠤᠨ ᠳᠤ  ᠶᠠᠪᠤᠭᠳᠠᠪᠠ
ᠨᠡᠶᠢᠲᠡᠯᠡᠭᠰᠡᠨ ᠴᠠᠭ᠄
2025/1/16
       ᠤᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠡᠪᠦᠯ ᠤᠨ ᠠᠮᠠᠷᠠᠯᠲᠠ  ᠳᠠᠭᠠᠨ ᠮᠥᠰᠥ  ᠴᠠᠰᠤᠨ ᠳᠤ  ᠨᠠᠭᠠᠳᠬᠤ ᠪᠠᠷ ᠥᠪᠥᠷ ᠮᠣᠩᠭᠤᠯ   ᠳᠤ ᠢᠷᠡᠭᠡᠷᠡᠢ︾  ᠭᠡᠬᠦ ᠪᠦᠬᠦ ᠤᠯᠤᠰ ᠤᠨ ᠵᠠᠭᠤᠨ  ᠤᠶᠤᠲᠠᠳ ᠤᠨ ᠡᠪᠦᠯ ᠤᠨ ᠤᠯᠠᠷᠢᠯ ᠳᠤ ᠥᠪᠥᠷ ᠮᠣᠩᠭᠤᠯ ᠤᠷᠤᠨ ᠳᠤ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠪᠡ᠃  ᠪᠦᠬᠦ ᠤᠯᠤᠰ ᠤᠨ 16 ᠨᠡᠷᠡᠲᠦ ᠶᠡᠭᠡ ᠳᠡᠭᠡᠳᠦ ᠰᠤᠷᠭᠠᠭᠤᠯᠢ ᠶᠢᠨ  ᠤᠶᠤᠲᠠᠳ  ᠤᠩᠨᠢᠭᠤᠳ ᠨᠤᠲᠤᠭ ᠲᠤ  ᠴᠤᠭᠯᠠᠷᠠᠨ᠂  ᠰᠤᠳᠤᠯᠤᠨ ᠰᠤᠷᠤᠯᠴᠠᠬᠤ ᠰᠣᠶᠣᠯ ᠵᠢᠭᠤᠯᠴᠢᠯᠠᠯ ᠤᠨ ᠬᠠᠶᠢᠨ ᠰᠦᠪᠡᠭᠴᠢᠯᠡᠯᠲᠡ ᠶᠢᠨ ᠠᠶᠠᠯᠠᠯ ᠢᠶᠠᠨ ᠡᠬᠢᠯᠡᠭᠦᠯᠪᠡ᠃     ᠠᠵᠢᠯᠯᠠᠭ᠎ᠠ ᠳᠤ ᠤᠷᠤᠯᠴᠠᠭᠰᠠᠨ ᠤᠶᠤᠲᠠᠳ ᠤᠷᠢᠳ ᠬᠤᠵᠢᠳ  ᠰᠡᠨᠳᠡᠩ ᠮᠤᠳᠤᠨ ᠰᠠᠭᠤᠷᠢᠨ ᠭᠠᠵᠠᠷ ᠪᠠ ᠬᠠᠰ ᠯᠣᠣ  ᠡᠯᠡᠰᠦᠨ ᠨᠠᠭᠤᠷ ᠤᠨ ᠦᠵᠡᠮᠵᠢ ᠶᠢᠨ ᠣᠷᠣᠨ ᠳᠤ ᠬᠦᠷᠴᠦ᠂ ᠮᠠᠨ ᠤ ᠬᠤᠰᠢᠭᠤᠨ ᠤ ᠲᠡᠦᠬᠡ ᠰᠣᠶᠣᠯ᠂ ᠠᠵᠤ ᠠᠬᠤᠶ ᠶᠢᠨ ᠬᠥᠭᠵᠢᠯᠲᠡ ᠪᠠ ᠨᠤᠲᠤᠭ ᠤᠨ ᠵᠠᠩ ᠠᠭᠠᠯᠢ ᠶᠢ ᠭᠦᠨᠵᠡᠭᠡᠶ ᠣᠶᠢᠯᠠᠭᠠᠪᠠ᠃  ᠡᠭᠦᠨ ᠤ ᠬᠠᠮᠲᠤ  ᠲᠡᠳᠡ ᠪᠠᠰᠠ  ᠸᠢᠳᠢᠣ᠋  ᠵᠢᠷᠤᠭ ᠲᠦᠷᠰᠥ ᠨᠡᠶᠢᠲᠡᠯᠡᠬᠦ᠂ ᠴᠠᠭ  ᠳᠠᠷᠤᠢ ᠳᠤᠨᠢ ᠮᠡᠳᠡᠭᠡᠯᠡᠬᠦ ᠪᠠ  ᠨᠤᠲᠤᠭ  ᠤᠰᠤ  ᠦᠯᠢᠭᠡᠷ ᠵᠢᠱᠢᠶᠡᠴᠢ ᠬᠦᠮᠥᠰ  ᠢ  ᠲᠠᠨᠢᠯᠴᠠᠭᠤᠯᠬᠤ ᠵᠡᠷᠭᠡ ᠬᠡᠯᠪᠡᠷᠢ ᠪᠠᠷ ᠲᠠᠮᠵᠢᠨ᠂ ᠣᠩᠨᠢᠭᠤᠳ ᠬᠤᠰᠢᠭᠤᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ︽ᠤᠮᠠᠷᠠᠲᠤ ᠬᠢᠯᠢ ᠶᠢᠨ ᠰᠣᠶᠣᠯ︾  ᠤᠨ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ  ᠣᠶᠣᠲᠠᠳ  ᠪᠤᠯᠤᠨ ᠵᠤᠭᠠᠴᠠᠭᠰᠠᠳ ᠲᠤ ᠥᠪᠥᠷ ᠮᠣᠩᠭᠤᠯ ᠤᠨ ᠡᠪᠦᠯ ᠤᠨ ᠤᠯᠠᠷᠢᠯ ᠤᠨ  ᠭᠤᠶᠤ ᠰᠠᠶᠢᠬᠠᠨ ᠳᠦᠷᠢ ᠳᠦᠷᠬᠦ ᠶᠢ ᠲᠠᠨᠢᠯᠴᠠᠭᠤᠯᠤᠭᠰᠠᠨ ᠪᠠᠶᠢᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号