| | 1 ᠰᠠᠷ᠎ᠠ ᠶᠢᠨ 13 ᠤ ᠡᠳᠦᠷ ᠤᠨ ᠤᠷᠤᠢ᠂ ᠤᠩᠨᠢᠭᠤᠳ ᠬᠤᠰᠢᠭᠤᠨ ᠤ ᠠᠵᠢᠯᠴᠢᠨ ᠤ ᠶᠡᠷᠦᠩᠬᠡᠢ | ᠡᠪᠯᠡᠯ ᠠᠴᠠ ᠭᠤᠤᠯᠯᠠᠨ ᠡᠷᠬᠢᠯᠡᠭᠰᠡᠨ ︽ᠳᠤᠮᠳᠠᠳᠤ ᠶᠢᠨ ᠵᠡᠭᠦᠳᠦ᠂ ᠬᠦᠳᠡᠯᠮᠥᠷᠢ ᠰᠠᠶᠢᠬᠠᠨ ︾ ᠭᠡᠬᠦ ᠤᠩᠨᠢᠭᠤᠳ | ᠬᠤᠰᠢᠭᠤᠨ ᠤ ᠠᠵᠢᠯᠳᠠᠨ ᠠᠵᠢᠯᠴᠢᠨ ᠤ ᠤᠯᠠᠭᠠᠨᠮᠦ᠋ᠴᠢᠷ ᠤᠨ ᠴᠠᠭᠠᠨ ᠰᠠᠷ᠎ᠠ ᠶᠢ ᠪᠡᠯᠭᠡᠯᠡᠬᠦ ᠤᠷᠠᠨ ᠰᠠᠶᠢᠬᠠᠨ ᠤ | ᠲᠤᠭᠯᠠᠯᠳᠠ︾ ᠨᠢ ᠬᠤᠰᠢᠭᠤᠨ ᠤ ᠤᠯᠠᠨ ᠲᠦᠮᠡᠨ ᠤ ᠤᠷᠠᠯᠢᠭ ᠤᠨ ᠤᠷᠳᠤᠨ ᠳᠤ ᠶᠠᠪᠤᠭᠳᠠᠪᠠ᠃ | ᠲᠣᠰ ᠤᠳᠠᠭᠠᠨ ᠤ ᠲᠣᠭᠯᠠᠯᠲᠠ ᠨᠢ ︽ᠰᠡᠳᠬᠢᠯ ᠨᠢᠭᠡᠳᠦᠨ ᠨᠠᠮ ᠢᠶᠠᠨ ᠳᠠᠭᠠᠵᠤ ᠂ ᠨᠠᠮ ᠤᠨ ᠠᠴᠢ ᠳᠤ | ᠲᠠᠯᠠᠷᠬᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠭᠤᠤᠯ ᠰᠡᠳᠦᠪ ᠢᠶᠠᠷ ᠤᠮᠠᠷᠠᠳᠤ ᠬᠢᠯᠢ ᠪᠠᠨ | ᠮᠠᠨᠳᠤᠭᠤᠯᠬᠤ ᠴᠤᠭ ᠰᠦᠯᠳᠡ ᠶᠢ ᠪᠠᠳᠠᠷᠠᠭᠤᠯᠬᠤ᠂ ᠠᠵᠢᠯᠴᠢ ᠬᠦᠳᠡᠯᠮᠥᠷᠢᠴᠢ ᠶᠢ ᠮᠠᠭᠲᠠᠨ ᠂ ᠠᠵᠢᠯ | ᠠᠮᠢᠳᠤᠷᠠᠯ ᠳᠠᠭᠠᠨ ᠵᠢᠳᠬᠦᠬᠦ ᠂ ᠬᠦᠴᠦᠨ ᠴᠢᠳᠠᠯ ᠢᠶᠠᠨ ᠬᠤᠷᠠᠮᠳᠤᠭᠤᠯᠵᠤ᠂ ᠬᠤᠷᠸ᠎ᠠ ᠶᠢᠷᠳᠢᠨᠴᠥ ᠶᠢ | ᠦᠭᠡᠷᠡᠴᠢᠯᠡᠬᠦ ᠭᠤᠷᠪᠠᠨ ᠪᠦᠯᠦᠭ ᠢᠶᠠᠷ ᠶᠠᠪᠤᠭᠳᠠᠪᠠ᠃ ᠠᠶ᠎ᠠ ᠳᠠᠭᠤᠤ ᠂ ᠠᠶᠠᠯᠭᠤ ᠬᠥᠭᠵᠢᠮ ᠂ ᠤᠷᠠᠨ | ᠪᠦᠵᠢᠭ ᠢᠶᠠᠷ᠂ ᠥᠷᠭᠡᠨ ᠤᠯᠠᠨ ᠠᠵᠢᠯᠳᠠᠨ ᠠᠵᠢᠯᠴᠢᠨ ᠡᠬᠡ ᠤᠯᠤᠰ ᠢᠶᠠᠨ ᠬᠠᠶᠢᠷᠠᠯᠠᠬᠤ ᠪᠠ ᠬᠥᠳᠡᠯᠮᠦᠷᠢ ᠶᠢ | ᠮᠠᠭᠲᠠᠨ ᠳᠠᠭᠤᠯᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ | ᠣᠷᠭᠢᠯᠤᠮ᠎ᠠ ᠬᠠᠯᠠᠭᠤᠨ ᠰᠡᠳᠬᠢᠯᠭᠡ ᠢᠶᠠᠨ ᠢᠯᠡᠳᠬᠡᠪᠡ᠃ | ᠰᠦᠨ ᠮᠢᠩ ᠲᠤᠤ᠂ ᠵᠧᠩ ᠱᠸᠦ ᠰᠢᠤᠸᠠᠢ᠂ ᠰᠠᠶᠢᠨᠪᠠᠲᠤ ᠵᠡᠷᠭᠡ ᠤᠳᠤᠷᠢᠳᠤᠯᠭ᠎ᠠ ᠪᠤᠯᠤᠨ ᠡᠯ᠎ᠡ | ᠦᠨᠳᠦᠰᠦᠲᠡᠨ ᠡᠯ᠎ᠡ ᠡᠲᠡᠭᠡᠳ ᠤᠨ ᠠᠵᠢᠯᠳᠠᠨ ᠠᠵᠢᠯᠴᠢᠨ ᠤ ᠲᠥᠯᠥᠭᠡᠯᠡᠭᠴᠢ ᠨᠡᠶᠢᠳᠡ 300 ᠭᠠᠷᠤᠢ ᠬᠥᠮᠦᠨ | ᠲᠣᠭᠯᠠᠯᠲᠠ ᠶᠢ ᠰᠣᠨᠢᠷᠬᠠᠪᠠ᠃ | ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠠᠵᠢᠯᠲᠠᠨ | ᠠᠵᠢᠯᠴᠢᠨ ᠤ ᠤᠯᠠᠭᠠᠨᠮᠥ᠋ᠴᠢᠷ ᠪᠠᠶᠢᠭᠤᠯᠤᠭᠳᠠᠬᠤ ᠪᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠨᠠᠩ ᠣᠯᠠᠨ | ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠦᠷᠨᠢᠭᠦᠯᠥᠨ᠂ ᠠᠵᠢᠯᠲᠠᠨ ᠠᠵᠢᠯᠴᠢᠨ ᠳᠤ ᠥᠪᠡᠷ ᠢ ᠪᠠᠨ | ᠢᠯᠡᠷᠡᠭᠦᠯᠬᠦ᠂ ᠥᠪᠡᠷ ᠢ ᠪᠠᠨ ᠳᠡᠭᠡᠭᠰᠢᠯᠡᠭᠦᠯᠬᠦ ᠲᠠᠪᠴᠠᠩ ᠬᠠᠩᠭᠠᠬᠤ ᠶᠢᠨ ᠬᠠᠮᠲᠤ ᠠᠵᠢᠯᠲᠠᠨ ᠠᠵᠢᠯᠴᠢᠨ ᠤ | ᠰᠣᠶᠣᠯ ᠤᠨ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠢᠳᠡᠯ ᠢ ᠢᠳᠡᠪᠬᠢᠲᠡᠶ ᠰᠦᠪᠡᠭᠴᠢᠯᠡᠵᠦ᠂ | ᠴᠠᠭ ᠦᠶ᠎ᠡ ᠶᠢᠨ ᠣᠨᠴᠠᠯᠢᠭ ᠲᠠᠢ᠂ ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ | ᠰᠣᠶᠣᠯ ᠤᠨ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠭᠠᠨ᠎ᠠ ᠭᠡᠪᠡ᠃ |