| | ᠤᠷᠳᠤ ᠬᠤᠭᠤᠴᠠᠭᠠᠨ ᠤ ᠲᠤᠷᠰᠢ᠂ ᠣᠩᠨᠢᠭᠤᠳ ᠬᠤᠰᠢᠭᠤᠨ ᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ | ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠦᠪᠯᠡᠯᠭᠡ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠨ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ | ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠬᠥᠮᠦᠰ ᠤᠨ ᠰᠡᠳᠬᠢᠯ ᠂ ᠬᠠᠮᠲᠤ ᠶᠢᠨ | ᠲᠠᠨᠢᠯᠲᠠ ᠂ ᠤᠶᠤᠨ ᠤᠬᠠᠭᠠᠨ ᠂ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ᠃ ᠥᠷᠭᠡᠨ ᠤᠯᠠᠨ ᠤᠯᠤᠰ | ᠲᠦᠷᠦ ᠶᠢᠨ ᠵᠥᠪᠯᠡᠯᠭᠡᠨ ᠤ ᠬᠡᠰᠢᠭᠦᠳ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠬᠦᠴᠦᠨ ᠨᠡᠮᠡᠷᠢᠯᠡᠬᠦ᠂ ᠨᠡᠶᠢᠭᠡᠮ ᠤᠨ ᠵᠠᠰᠠᠯᠲᠠ ᠳᠤ ᠣᠷᠣᠯᠴᠠᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ | ᠵᠡᠷᠭᠡ ᠲᠠᠯ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠡᠯᠧᠮᠨ᠋ᠲ ᠢ ᠨᠡᠮᠡᠷᠢᠯᠡᠵᠦ᠂ ᠤᠯᠤᠰ ᠲᠦᠷᠦ ᠶᠢᠨ ᠵᠥᠪᠯᠡᠯᠭᠡᠨ ᠤ | ᠬᠦᠴᠦᠨ ᠴᠢᠳᠠᠯ ᠢ ᠡᠷᠭᠦᠨ᠂ ᠤᠯᠠᠨ ᠲᠦᠮᠡᠨ ᠤ ᠰᠡᠳᠬᠢᠯ ᠤᠨ ᠦᠭᠡ ᠶᠢ ᠳᠠᠮᠵᠢᠭᠤᠯᠵᠤ ᠤᠷᠤᠨ ᠨᠤᠲᠤᠭ ᠤᠨ | ᠬᠦᠭᠵᠢᠯᠳᠡ ᠶᠢ ᠬᠠᠮᠲᠤ ᠪᠠᠷ ᠠᠬᠢᠭᠤᠯᠬᠤ ᠲᠥᠪ ᠴᠢᠩᠭ᠎ᠠ ᠠᠮᠠᠯᠠᠯᠲᠠ ᠪᠠᠨ ᠦᠨᠡᠨ ᠬᠦ ᠪᠡᠶᠡᠯᠡᠭᠦᠯᠵᠥ ᠢᠷᠡᠭᠰᠡᠨ ᠪᠠᠶᠢᠨ᠎ᠠ᠃ | | ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠭᠤᠷᠪᠠᠳᠤᠭᠠᠷ ᠬᠤᠷᠠᠯᠳᠤᠭᠠᠨ ᠠᠴᠠ | ᠨᠠᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠶ | ᠰᠤᠷᠤᠯᠴᠠᠨ ᠳᠤᠭᠤᠰᠢᠯᠠᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ | ᠰᠠᠭᠤᠷᠢ ᠪᠠᠨ ᠲᠠᠰᠤᠷᠠᠯᠲᠠ ᠥᠬᠡᠶ ᠪᠠᠬᠢᠵᠢᠭᠦᠯᠵᠦ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠯᠤᠰ ᠲᠥᠷᠥ ᠶᠢᠨ | ᠲᠠᠯ᠎ᠠ ᠪᠠᠷ ᠪᠦᠯᠬᠦᠮᠳᠡᠨ ᠬᠠᠮᠲᠤᠷᠠᠯᠴᠠᠬᠤ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠪᠠᠷ ᠳᠠᠪᠰᠢᠬᠤ᠂ ᠦᠢᠯᠡ | ᠠᠵᠢᠯᠯᠠᠭ᠎ᠠ ᠶᠢᠨ ᠲᠠᠯ᠎ᠠ ᠪᠠᠷ ᠠᠯᠬᠤᠮ ᠨᠢᠭᠡᠲᠡᠶ ᠪᠠᠶᠢᠬᠤ ᠶᠢ ᠠᠬᠢᠭᠤᠯᠤᠭᠰᠠᠨ ᠪᠠᠶᠢᠨ᠎ᠠ᠃ | ᠦᠩᠭᠡᠷᠡᠭᠰᠡᠨ ᠨᠢᠭᠡ ᠵᠢᠯ ᠤᠨ ᠲᠤᠷᠰᠢ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠳᠠᠪᠠᠭᠤᠯᠢᠭ ᠢᠶᠠᠨ ᠪᠠᠳᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠭᠤᠤᠯᠳᠠᠯᠭ᠎ᠠ ᠲᠠᠢ | ᠬᠦᠴᠢᠷ ᠠᠰᠠᠭᠤᠳᠠᠯ ᠪᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠢ | ᠵᠥᠪᠯᠡᠬᠦ ᠶᠢ ᠭᠦᠨᠵᠡᠭᠡᠶ ᠳᠥᠯᠭᠢᠨ ᠠᠬᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠠᠬᠢᠭᠤᠯᠪᠠ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠠᠩ ᠶᠢᠩ ᠶᠠᠷᠢᠶᠠᠨ ᠳᠠᠭᠠᠨ 2024 ᠣᠨ ᠳᠤ | ᠪᠢᠳᠡ ᠪᠣᠷᠣᠯᠠᠭᠤᠯᠬᠤ ᠠᠷᠭ᠎ᠠ ᠵᠠᠮ ᠢᠶᠠᠨ ᠦᠭᠡᠷᠡᠴᠢᠯᠡᠨ᠂ ᠪᠥᠬᠦ ᠲᠠᠯ᠎ᠠ ᠪᠠᠷ ᠡᠯᠧᠺᠲᠷᠣᠨ ᠬᠤᠳᠠᠯᠳᠤᠭᠠᠨ ᠤ ᠪᠣᠷᠣᠯᠠᠭᠤᠯᠬᠤ | ᠲᠠᠪᠴᠠᠩ ᠢ ᠪᠠᠶᠢᠭᠤᠯᠵᠤ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠨᠡᠬᠡᠭᠡᠭᠰᠡᠨ ᠢᠶᠠᠷ ᠪᠠᠷᠠᠬᠤ ᠥᠬᠡᠶ᠂ ᠪᠠᠰᠠ | ᠬᠡᠷᠡᠭᠯᠡᠭᠡᠨ ᠤ ᠵᠠᠬ᠎ᠠ ᠳᠡᠯᠭᠡᠭᠦᠷ ᠢᠶᠠᠷ ᠳᠠᠮᠵᠢᠭᠤᠯᠤᠨ ᠰᠢᠨ᠎ᠡ ᠪᠦᠲᠦᠭᠡᠭᠳᠡᠬᠦᠨ ᠢ ᠰᠤᠳᠤᠯᠤᠨ ᠨᠡᠬᠡᠭᠡᠵᠥ ᠪᠤᠷᠤᠯᠠᠭᠠᠳ ᠲᠤᠩ | ᠰᠠᠶᠢᠨ ᠦᠷ᠎ᠡ ᠠᠰᠢᠭ ᠤᠯᠪᠠ ᠭᠡᠵᠡᠢ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠭᠤᠤ ᠯᠢᠨ ᠶᠠᠷᠢᠶᠠᠨ ᠳᠠᠭᠠᠨ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠦᠨᠳᠦᠰᠦᠨ ᠱᠠᠲᠤᠨ ᠤ ᠪᠠᠶᠢᠳᠠᠯ ᠢ ᠭᠦᠨᠵᠡᠭᠡᠢ ᠣᠶᠢᠯᠠᠭᠠᠨ᠂ | ᠤᠯᠠᠨ ᠲᠦᠮᠡᠨ ᠤ ᠰᠠᠨᠠᠭ᠎ᠠ ᠶᠢ ᠡᠵᠡᠮᠰᠢᠵᠤ᠂ 2024 ᠣᠨ ᠳᠤ ᠶᠠᠭᠤᠨ ᠤ ᠤᠷᠢᠳ ᠤᠯᠠᠨ ᠲᠦᠮᠡᠨ ᠢ ᠳᠠᠶᠢᠴᠢᠯᠠᠨ᠂ | ᠰᠠᠭᠤᠭᠠᠯᠢ ᠤᠷᠴᠢᠨ ᠲᠤᠭᠤᠷᠢᠨ ᠢ ᠴᠡᠭᠴᠡᠯᠡᠨ ᠵᠠᠰᠠᠵᠤ᠂ ᠳᠠᠷᠠᠭ᠎ᠠ ᠨᠢ ᠠᠵᠤ ᠦᠢᠯᠡᠰ ᠤᠨ ᠪᠦᠲᠦᠴᠡ ᠳᠤ | ᠲᠤᠬᠢᠷᠠᠭᠤᠯᠤᠯᠳᠠ ᠬᠢᠵᠦ᠂ ᠲᠠᠷᠢᠶᠠᠴᠢᠳ ᠢ ᠳᠠᠭᠠᠭᠤᠯᠤᠨ ᠬᠤᠷᠳᠤᠨ ᠴᠠᠭᠠᠨ ᠪᠤᠯᠤᠨ ᠨᠡᠷᠡᠨ ᠬᠤᠸᠠᠷ ᠲᠠᠷᠢᠵᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠥᠭᠰᠡᠨ ᠪᠠᠶᠢᠨ᠎ᠠ ᠭᠡᠵᠡᠢ᠃ | ᠭᠡᠰᠢᠭᠦᠳ ᠶᠠᠷᠢᠶᠠᠨ ᠳᠠᠭᠠᠨ᠂ ᠰᠢᠨ᠎ᠡ ᠨᠢᠭᠡ ᠵᠢᠯ ᠳᠤ᠂ ᠦᠷᠭᠦᠯᠵᠢᠯᠡᠨ ᠬᠥᠭᠵᠢᠯᠲᠡ ᠶᠢᠨ ᠭᠤᠤᠯ ᠰᠡᠳᠦᠪ ᠤᠨ | ᠲᠣᠭᠤᠷᠢᠨ ᠳᠤ ᠰᠠᠶᠢᠨ ᠠᠷᠭ᠎ᠠ ᠪᠣᠳᠣᠯᠭ᠎ᠠ ᠳᠡᠪᠰᠢᠭᠦᠯᠥᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠬᠠᠷᠢᠭᠤᠯᠳᠠ ᠥᠭᠴᠦ᠂ ᠯᠠᠪᠳᠠᠭᠤᠨ ᠪᠠᠲᠤᠲᠠᠶ ᠦᠷ᠎ᠡ ᠪᠦᠲᠦᠮᠵᠢ ᠪᠠᠷ ᠤᠯᠤᠰ ᠲᠥᠷᠥ ᠶᠢᠨ ᠵᠥᠪᠯᠡᠯᠭᠡᠨ ᠤ ᠰᠢᠨ᠎ᠡ | ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠪᠡᠨᠢᠯᠡᠷᠡᠭᠦᠯᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ | ᠤᠯᠤᠰ ᠲᠥᠷᠥ ᠶᠢᠨ ᠵᠥᠪᠯᠡᠯᠭᠡᠨ ᠤ ᠬᠦᠴᠦᠨ ᠢᠶᠠᠨ ᠡᠷᠭᠦᠨ᠎ᠡ ᠭᠡᠰᠡᠨ ᠪᠠᠶᠢᠨ᠎ᠠ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠶᠠᠩ ᠶᠢᠩ ᠶᠠᠷᠢᠶᠠᠨ ᠳᠠᠭᠠᠨ᠂ 2025 ᠣᠨ ᠳᠤ᠂ | ᠪᠢ ᠰᠢᠨᠵᠢᠯᠡᠬᠦ ᠤᠬᠠᠭᠠᠨ ᠤ ᠰᠤᠳᠤᠯᠭᠠᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ | ᠂ ᠤᠯᠠᠮᠵᠢᠯᠠᠯᠲᠤ ᠲᠠᠷᠢᠶᠠᠯᠠᠩ ᠠᠴᠠ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠳᠠᠰᠢ | ᠬᠡᠯᠪᠡᠷᠢ ᠪᠠᠨ ᠬᠤᠪᠢᠷᠠᠭᠤᠯᠤᠨ᠎ᠠ ᠭᠡᠰᠡᠨ ᠪᠠᠶᠢᠨ᠎ᠠ᠃ | ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠭᠡᠰᠢᠭᠦᠨ ᠭᠤᠤ ᠯᠢᠨ ᠶᠠᠷᠢᠶᠠᠨ ᠳᠠᠭᠠᠨ᠂ ᠰᠢᠨ᠎ᠡ ᠨᠢᠭᠡᠨ ᠵᠢᠯ ᠳᠤ | ᠦᠷᠭᠦᠯᠵᠢᠯᠡᠨ ᠴᠢᠷᠮᠠᠶᠢᠵᠤ᠂ ᠬᠦᠭᠦᠷᠭᠡ ᠬᠤᠯᠪᠤᠭᠠᠰᠤ ᠶᠢᠨ ᠦᠢᠯᠡᠳᠥᠯ ᠢᠶᠠᠨ ᠦᠷᠭᠦᠯᠵᠢᠯᠡᠨ ᠪᠠᠳᠠᠷᠠᠭᠤᠯᠵᠤ᠂ ᠬᠦᠳᠡᠭᠡ | ᠲᠤᠰᠬᠤᠨ ᠤ ᠬᠦᠭᠵᠢᠯᠳᠡ᠂ ᠨᠡᠶᠢᠭᠡᠮ ᠤᠨ ᠡᠶ᠎ᠡ ᠨᠠᠶᠢᠷᠠᠮᠳᠠᠭᠤ᠂ ᠲᠤᠭᠳᠠᠭᠤᠨ ᠢ ᠪᠠᠲᠤᠯᠠᠬᠤ ᠳᠤ ᠬᠦᠴᠥᠨ ᠢᠶᠠᠨ | ᠡᠷᠭᠦᠨ᠎ᠡ ᠭᠡᠪᠡ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠴᠦᠨ ᠬᠤᠸᠠ ᠶᠠᠷᠢᠶᠠᠨ ᠳᠠᠭᠠᠨ ᠰᠢᠨ᠎ᠡ ᠨᠢᠭᠡᠨ ᠵᠢᠯ ᠳᠤ | ᠂ ᠪᠢ ᠥᠩᠭᠡᠷᠡᠭᠰᠡᠨ ᠲᠠᠢ ᠪᠠᠨ ᠠᠳᠠᠯᠢ ᠪᠠᠷ ᠬᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠣᠭᠴᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ | ᠰᠤᠷᠤᠭᠴᠢᠳ ᠤᠨ ᠰᠢᠨᠵᠢᠯᠡᠬᠦ ᠤᠬᠠᠭᠠᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ | ᠦᠭᠭᠦᠨ᠎ᠡ ᠭᠡᠵᠡᠢ᠃ | | |