ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ ᠨᠡᠷ᠎ᠡ ᠨᠢᠳᠡᠷ ᠲᠡᠭᠡᠨ ᠲᠡᠩᠴᠡᠭᠰᠡᠨ ᠠᠷᠠᠳ ᠤᠨ ᠲᠦᠯᠦᠭᠡᠯᠡᠭᠴᠢ ᠪᠤᠯᠵᠠᠭᠠᠶ᠎ᠠ
ᠨᠡᠶᠢᠲᠡᠯᠡᠭᠰᠡᠨ ᠴᠠᠭ᠄
2025/1/16
      ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠨᠠᠰᠢ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠬᠦᠴᠢᠷ ᠲᠦᠪᠡᠭ ᠲᠠᠢ ᠠᠰᠠᠭᠤᠳᠠᠯ ᠢ ᠰᠢᠢᠳᠪᠦᠷᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠨ᠎ᠠ᠃      ᠬᠤᠰᠢᠭᠤᠨ ᠤ ᠠᠷᠠᠳ ᠤᠨ ᠲᠥᠯᠥᠭᠡᠯᠡᠭᠴᠢ ᠯᠢ ᠭᠤᠸᠠᠩ ᠬᠤᠶ ᠬᠡᠯᠡᠭᠰᠡᠨ ᠨᠢ᠄ ︽ᠠᠷᠠᠳ ᠤᠨ ᠲᠥᠯᠥᠭᠡᠯᠡᠭᠴᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠪᠠᠷᠢᠮᠲᠠᠯᠠᠨ᠂ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠢ ᠭᠦᠢᠴᠡᠳ ᠲᠤᠰᠬᠠᠨ᠎ᠠ ᠭᠡᠵᠡᠢ᠃ ᠬᠤᠰᠢᠭᠤᠨ ᠤ ᠠᠷᠠᠳ ᠤᠨ ᠲᠥᠯᠥᠭᠡᠯᠡᠭᠴᠢ ᠸᠧᠨ ᠴᠤᠤ ᠬᠡᠯᠡᠭᠰᠡᠨ ᠨᠢ᠄ ︽ᠪᠢ ᠦᠨᠳᠦᠰᠦᠨ ᠱᠠᠲᠤᠨ ᠳᠤ ᠭᠦᠨᠵᠡᠭᠡᠶᠢᠷᠡᠨ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠲᠣᠰᠬᠤᠨ ᠤ ᠠᠷᠠᠳ ᠢᠶᠠᠨ ᠳᠠᠶᠢᠴᠢᠯᠠᠨ᠂ ᠬᠠᠮᠲᠤ ᠶᠢᠨ ᠠᠵᠤ ᠠᠬᠤᠶ ᠶᠢ ᠬᠦᠭᠵᠢᠭᠦᠯᠵᠦ᠂ 2024 ᠣᠨ ᠳᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠠᠷᠤᠭ 20 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ ᠭᠡᠵᠡᠢ᠃      ᠬᠤᠰᠢᠭᠤᠨ ᠤ ᠠᠷᠠᠳ ᠤᠨ ᠲᠥᠯᠥᠭᠡᠯᠡᠭᠴᠢ ᠴᠡᠩᠭᠡᠯᠲᠦ ᠬᠡᠯᠡᠭᠰᠡᠨ ᠨᠢ᠄ ︽ᠭᠠᠭᠴᠠ ᠬᠦ ᠣᠯᠠᠨ ᠲᠦᠮᠡᠨ ᠤ ᠳᠤᠮᠳᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡᠯ ᠰᠠᠶ᠋ᠢ ᠠᠷᠠᠳ ᠤᠯᠠᠨ ᠤ ᠬᠦᠴᠢᠷᠳᠡᠯ ᠢ ᠦᠨᠡᠨ ᠬᠦ ᠣᠶᠢᠯᠠᠭᠠᠵᠤ ᠴᠢᠳᠠᠨ᠎ᠠ ᠃ ᠵᠢᠱᠢᠶᠡᠯᠡᠪᠡᠯ᠂ ᠪᠢ ᠰᠤᠷᠪᠤᠯᠵᠢᠯᠠᠬᠤ ᠶᠠᠪᠤᠴᠠ ᠳᠤᠮᠳᠠ ᠪᠠᠨ ᠪᠤᠶᠢᠳᠠ ᠪᠦᠭᠯᠡᠭᠦᠦ ᠬᠥᠳᠡᠭᠡ ᠲᠣᠰᠬᠤᠨ ᠤ ᠣᠯᠠᠨ ᠲᠦᠮᠡᠨ ᠡᠪᠡᠳᠴᠢᠨ ᠦᠵᠡᠭᠦᠯᠬᠦ ᠳᠤ ᠵᠠᠮ ᠬᠤᠯᠠ ᠮᠦᠷᠲᠡᠭᠡᠨ ᠳᠦᠭᠦᠮ ᠦᠭᠡᠢ ᠵᠡᠷᠭᠡ ᠠᠰᠠᠭᠤᠳᠠᠯ ᠢ ᠤᠯᠵᠤ ᠮᠡᠳᠡᠭᠰᠡᠨ ᠪᠠᠶᠢᠨ᠎ᠠ᠃ ᠲᠡᠭᠡᠭᠡᠳ ᠲᠤᠰ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠪᠢ ᠡᠨᠡ ᠬᠦ ᠠᠰᠠᠭᠤᠳᠠᠯ ᠢ ᠰᠠᠨᠠᠯ ᠰᠠᠨᠠᠭᠤᠯᠭ᠎ᠠ ᠳᠡᠪᠰᠢᠭᠦᠯᠬᠦ ᠬᠡᠯᠪᠡᠷᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠷᠢᠭᠤ ᠲᠤᠰᠬᠠᠨ᠂ ᠦᠨᠳᠦᠰᠦᠨ ᠱᠠᠲᠤᠨ ᠤ ᠡᠮᠴᠢᠯᠡᠭᠡᠨ ᠤ ᠨᠦᠭᠦᠴᠡᠯ ᠢ ᠰᠢᠯᠢᠳᠡᠭᠵᠢᠭᠦᠯᠵᠦ᠂ ᠲᠣᠭᠤᠷᠢᠨ ᠡᠮᠴᠢᠯᠡᠬᠦ ᠲᠦᠷᠢᠮ ᠢ ᠪᠠᠶᠢᠭᠤᠯᠬᠤ ᠪᠠᠷ ᠪᠡᠯᠡᠳᠬᠡᠵᠦ ᠪᠠᠶᠢᠨ᠎ᠠ︾  ᠭᠡᠵᠡᠢ᠃      2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠡᠴᠦᠰ ᠤᠨ ᠵᠢᠯ ᠪᠣᠯᠤᠨ᠎ᠠ᠃ ᠲᠥᠯᠥᠭᠡᠯᠡᠭᠴᠢᠳ ᠢᠯᠡᠷᠬᠡᠶᠢᠯᠡᠭᠰᠡᠨ ᠨᠢ᠂ ᠠᠷᠠᠳ ᠤᠨ ᠠᠮᠢᠳᠤᠷᠠᠯ ᠳᠤ ᠦᠷᠭᠦᠯᠵᠢᠯᠡᠨ ᠠᠩᠬᠠᠷᠤᠯ ᠢᠶᠠᠨ ᠬᠠᠨᠲᠤᠭᠤᠯᠵᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠨ᠂ ᠪᠤᠳᠠᠳᠤ ᠬᠡᠷᠡᠭᠴᠡᠭᠡ ᠲᠠᠢ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠪᠥᠬᠦ ᠬᠤᠰᠢᠭᠤᠨ ᠤ ᠤᠳᠤᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠡᠶ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号