ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠰᠢᠨ᠎ᠡ ᠤᠨ ᠢᠶᠠᠨ ᠤᠭᠲᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/2
     12 ᠰᠠᠷ᠎ᠠ ᠶᠢᠨ 30 ᠤ ᠡᠳᠦᠷ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠰᠢᠨ᠎ᠡ ᠤᠨ ᠢᠶᠠᠨ ᠤᠭᠲᠤᠬᠤ ᠠᠵᠢᠯᠯᠠᠭ᠎ᠠ ᠦᠷᠨᠢᠭᠦᠯᠵᠦ᠂ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠩᠨᠢᠭᠤᠳ ᠬᠤᠰᠢᠭᠤᠨ ᠤ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠰᠢᠭᠦᠳ᠂ ᠤᠷᠠᠨ ᠰᠠᠶᠢᠬᠠᠨ ᠤ ᠰᠠᠶᠢᠨ ᠳᠤᠷᠠᠴᠤᠳ ᠪᠤᠯᠤᠨ ᠤᠯᠠᠨ ᠲᠦᠮᠡᠨ ᠤ ᠲᠦᠯᠦᠭᠡᠯᠡᠭᠴᠢᠳ ᠨᠢᠭᠡ ᠲᠠᠩᠬᠢᠮ ᠳᠤ ᠴᠤᠭᠯᠠᠷᠠᠨ᠂ ᠳᠠᠭᠤᠯᠠᠵᠤ ᠪᠦᠵᠢᠭᠯᠡᠬᠦ᠂ ᠬᠤᠣᠰ ᠤᠶᠠᠩᠭ᠎ᠠ ᠪᠢᠴᠢᠬᠦ᠂ ᠵᠥᠩᠨᠡᠯ ᠳᠡᠪᠰᠢᠭᠦᠯᠬᠦ ᠵᠡᠷᠭᠡ ᠪᠠᠶᠠᠯᠢᠭ ᠠᠭᠤᠯᠭ᠎ᠠ ᠪᠠᠷ ᠤᠯᠠᠮᠵᠢᠯᠠᠯᠲᠤ ᠪᠠᠶᠠᠷ ᠤᠨ ᠡᠳᠦᠷ ᠢᠶᠠᠨ ᠬᠠᠮᠲᠤᠪᠠᠷ ᠪᠡᠯᠭᠡᠯᠡᠭᠰᠡᠨ ᠪᠠᠶᠢᠨ᠎ᠠ᠃       ᠲᠠᠷᠠᠭᠠᠴᠢ ᠪᠠᠷ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠨᠢ᠂ ᠠᠮᠢᠳᠤᠷᠠᠯ ᠳᠤ ᠣᠶᠢᠷᠠᠲᠤᠬᠤ᠂ ᠣᠯᠠᠨ ᠲᠦᠮᠡᠨ ᠲᠠᠢ ᠣᠶᠢᠷᠠᠲᠤᠬᠤ ᠶᠢ ᠪᠠᠷᠢᠮᠲᠠᠯᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠴᠢᠬᠤᠯᠠᠴᠢᠯᠠᠨ᠂ ᠣᠷᠣᠨ ᠨᠤᠲᠤᠭ ᠤᠨ ᠣᠨᠴᠠᠯᠢᠭ ᠲᠠᠢ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ᠂ ᠣᠯᠠᠨ ᠲᠦᠮᠡᠨ ᠤ ᠣᠷᠣᠯᠴᠠᠬᠤ ᠳᠤ ᠲᠥᠬᠦᠮ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ ᠢ ᠰᠢᠨ᠎ᠡ ᠵᠢᠯ ᠴᠠᠭᠠᠨ ᠰᠠᠷ᠎ᠠ ᠪᠠᠨ ᠪᠠᠶᠠᠯᠢᠭ ᠠᠭᠤᠯᠭ᠎ᠠ ᠲᠠᠢ ᠦᠩᠭᠡᠷᠡᠭᠦᠯᠬᠦ ᠶᠢ ᠪᠠᠲᠤᠯᠠᠬᠤ ᠪᠣᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号