| 1 ᠰᠠᠷ᠎ᠠ ᠶᠢᠨ 18 ᠤ ᠡᠳᠦᠷ᠂ ᠮᠥᠩᠬᠡ᠂ ᠮᠠ ᠶᠦᠩ ᠭᠠᠩ᠂ ᠯᠢ ᠢᠦᠶ ᠲᠢᠩ᠂ ᠬᠥᠭᠵᠢᠯᠲᠦ ᠵᠡᠷᠭᠡ | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠭᠡᠰᠢᠭᠦᠳ ᠤᠨ ᠰᠠᠭᠤᠭ᠎ᠠ ᠭᠠᠵᠠᠷ ᠲᠤ | ᠬᠦᠷᠴᠦ 2025 ᠣᠨ ᠤ ᠪᠥᠬᠦ ᠬᠤᠰᠢᠭᠤᠨ ᠤ ︽ᠬᠤᠶᠠᠷ ᠬᠤᠷᠠᠯ︾ ᠳᠤ ᠤᠷᠤᠯᠴᠠᠬᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠢ ᠪᠣᠯᠭᠤᠭᠠᠨ ᠦᠵᠡᠪᠡ᠃ ᠬᠡᠰᠢᠭᠦᠳ ᠲᠤ ᠳᠣᠲᠣᠨᠣ ᠮᠡᠨᠳᠦᠴᠢᠯᠡᠯ ᠬᠦᠷᠭᠡᠵᠦ᠂ | ᠤᠯᠠᠨ ᠤ ᠤᠷᠳᠤ ᠬᠤᠭᠤᠴᠠᠭᠠᠨ ᠤ ᠲᠤᠷᠰᠢ ᠣᠩᠨᠢᠭᠤᠳ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠮᠥᠩᠬᠡ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠥᠷᠭᠡᠨ ᠣᠯᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠶᠡᠭᠡ ᠲᠠᠯ᠎ᠠ ᠳᠤ | ᠦᠢᠯᠡᠴᠢᠯᠡᠨ᠂ ᠲᠣᠰ ᠲᠣᠰ ᠤᠨ ᠬᠦᠷᠢᠶ᠎ᠡ ᠴᠠᠷᠠᠭ᠎ᠠ᠂ ᠡᠯ᠎ᠡ ᠹᠷᠣᠨᠲ ᠲᠤ ᠬᠠᠷᠢᠭᠤᠴᠠᠯᠭ᠎ᠠ ᠡᠭᠦᠷᠭᠡᠯᠡᠨ ᠪᠣᠳᠠᠲᠠᠶ | ᠠᠵᠢᠯᠯᠠᠵᠤ᠂ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠵᠦ᠂ ᠴᠢᠨᠠᠷ ᠰᠠᠶᠢᠲᠠᠶ ᠬᠥᠭᠵᠢᠯᠲᠡ ᠪᠠ | ᠣᠳᠣᠬᠢᠴᠢᠯᠠᠭᠰᠠᠨ ᠣᠩᠨᠢᠭᠤᠳ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠠᠬᠢᠴᠠ᠂ ᠰᠢᠨ᠎ᠡ | ᠰᠢᠪᠲᠤᠯᠤᠯᠲᠠ ᠲᠠᠢ ᠪᠣᠯᠬᠤ ᠶᠢ ᠬᠦᠴᠦᠯᠡᠨ ᠠᠬᠢᠭᠤᠯᠪᠠ ᠭᠡᠵᠡᠢ᠃ | ᠮᠦᠩᠬᠡ ᠪᠠᠰᠠ ᠶᠠᠷᠢᠶᠠᠨ ᠳᠠᠭᠠᠨ ᠠᠴᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ | ᠭᠦᠢᠴᠡᠳᠬᠡᠵᠦ᠂ ᠪᠦᠬᠦ ᠬᠤᠰᠢᠭᠤᠨ ᠤ ᠶᠡᠭᠡ ᠲᠠᠯ᠎ᠠ ᠠᠴᠠ ᠡᠭᠦᠰᠴᠦ᠂ ᠬᠤᠰᠢᠭᠤᠨ ᠤ ᠬᠥᠭᠵᠢᠯᠲᠡ ᠶᠢᠨ ᠪᠠᠶᠢᠳᠠᠯ ᠢ | ᠤᠶᠢᠯᠭᠠᠨ᠂ ᠤᠯᠠᠨ ᠲᠦᠮᠡᠨ ᠤ ᠰᠡᠳᠬᠢᠯ ᠤᠨ ᠦᠭᠡ ᠶᠢ ᠲᠤᠰᠬᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠣᠩᠨᠢᠭᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠤᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠨ ᠱᠠᠭᠠᠷᠳᠠᠪᠠ᠃ |