ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠤ  ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠠᠯᠠᠰᠢᠨ ᠦᠬᠡᠷ ᠤᠨ ᠠᠵᠤ ᠦᠢᠯᠡᠰ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/21
     1 ᠰᠠᠷ᠎ᠠ ᠶᠢᠨ 15 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠷᠠᠯᠵᠢᠶᠠᠨ ᠤ  ᠲᠡᠳᠬᠦᠨ ᠳᠡᠮᠵᠢᠬᠦ ᠲᠣᠪᠴᠢᠶ᠎ᠠ ᠶᠢᠨ ᠳᠡᠳ᠋  ᠲᠤᠪᠴᠢᠶᠠᠨ ᠳᠠᠷᠤᠭ᠎ᠠ ᠯᠢ ᠽᠧᠩ ᠯᠢ᠂ ᠪᠥᠬᠦ ᠤᠯᠤᠰ ᠤᠨ ᠮᠠᠯ ᠠᠵᠤ ᠠᠬᠤᠶ ᠶᠢᠨ ᠶᠡᠷᠦᠩᠬᠡᠶ ᠥᠷᠲᠡᠭᠡ ᠶᠢᠨ ᠳᠡᠳ᠋ ᠳᠠᠷᠤᠭ᠎ᠠ ᠽᠦᠸᠧ ᠯᠢᠩ ᠯᠢᠩ ᠵᠡᠷᠭᠡ 9 ᠬᠥᠮᠦᠨ ᠮᠠᠨ ᠤ ᠬᠤᠰᠢᠭᠤᠨ ᠳᠤ ᠢᠷᠡᠵᠦ ᠠᠯᠠᠰᠢᠨ ᠦᠬᠡᠷ ᠤᠨ ᠠᠵᠤ ᠦᠢᠯᠡᠰ  ᠢ ᠪᠠᠶᠢᠴᠠᠭᠠᠨ  ᠰᠣᠳᠣᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ  ᠮᠠᠯ ᠠᠵᠤ ᠠᠬᠤᠶ ᠶᠢᠨ ᠶᠡᠷᠦᠩᠬᠡᠶ ᠮᠡᠷᠭᠡᠵᠢᠯᠲᠡᠨ ᠭᠦᠸᠧ ᠷᠦᠩ ᠴᠢᠨ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠠᠨ ᠬᠤᠩ ᠬᠤᠸᠠ᠂ ᠬᠤᠰᠢᠭᠤᠨ ᠳᠡᠳ᠋ ᠳᠠᠷᠤᠭ᠎ᠠ ᠴᠠᠭᠠᠨᠪᠠᠭᠠᠲᠤᠷ ᠨᠠᠷ ᠪᠠᠷ᠎ᠠ ᠪᠣᠯᠵᠣ ᠪᠠᠶᠢᠴᠠᠭᠠᠨ ᠰᠣᠳᠣᠯᠪᠠ᠃      ᠪᠠᠶᠢᠴᠠᠭᠠᠨ ᠰᠣᠳᠣᠯᠬᠤ ᠲᠣᠭᠤᠶᠢᠯᠠᠩ ᠨᠢ ᠣᠷᠢᠳ ᠬᠤᠵᠢᠳ ᠪᠣᠷᠣᠬᠤᠳᠠ ᠪᠠᠯᠭᠠᠰᠣᠨ ᠤ ᠵᠦᠩ ᠰᠢᠨ ᠮᠠᠯ  ᠤᠨ ᠠᠷᠠᠯᠵᠢᠶᠠᠨ ᠤ ᠵᠠᠬ᠎ᠠ ᠲᠡᠯᠭᠡᠬᠦᠷ᠂ ᠣᠯᠠᠭᠠᠨᠬᠠᠳᠠ ᠶᠢᠨ ᠱᠧᠩ ᠴᠢᠣᠸᠠᠨ ᠠᠮᠢ ᠠᠬᠤᠢ ᠶᠢᠨ ᠮᠠᠯ ᠠᠵᠣ ᠠᠬᠤᠢ ᠶᠢᠨ ᠬᠢᠵᠠᠭᠠᠷᠳᠦ ᠺᠣᠮᠫᠠᠨᠢ ᠪᠣᠯᠣᠨ  ᠪᠠᠶᠠᠨᠬᠠᠨ ᠤ ᠪᠤᠶᠠᠨᠳᠤᠭᠳᠠᠬᠤ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠭᠠᠵᠠᠷ ᠢᠶᠠᠷ ᠬᠦᠷᠴᠦ  ᠠᠵᠣ ᠠᠬᠤᠶᠢᠯᠠᠯ ᠤᠨ ᠬᠠᠷᠢᠭᠤᠴᠠᠯᠭᠠᠳᠠᠨ ᠲᠠᠢ ᠭᠦᠨᠵᠡᠭᠡᠢ  ᠶᠠᠷᠢᠯᠴᠠᠨ᠂ ᠠᠯᠠᠰᠢᠨ ᠦᠬᠡᠷ  ᠲᠡᠵᠢᠭᠡᠨ ᠦᠷᠡᠵᠢᠭᠦᠯᠵᠥ ᠪᠠᠶᠢᠭ᠎ᠠ ᠪᠠᠶᠢᠳᠠᠯ ᠢ ᠨᠠᠷᠢᠨ  ᠤᠶᠢᠯᠠᠭᠠᠭᠰᠠᠨ ᠪᠠᠶᠢᠨ᠎ᠠ᠃      ᠣᠳᠣᠬᠠᠨ ᠪᠣᠯᠲᠠᠯ᠎ᠠ᠂  ᠮᠠᠨ ᠤ ᠬᠤᠰᠢᠭᠤᠨ ᠤ ᠠᠯᠠᠰᠢᠨ ᠦᠬᠡᠷ   ᠤᠨ  ᠵᠤᠭᠰᠤᠭ᠎ᠠ ᠲᠤᠭ᠎ᠠ 44.6 ᠲᠦᠮᠡ ᠬᠦᠷᠴᠥ᠂ ᠪᠥᠬᠦ ᠵᠢᠯ ᠳᠤ 26 ᠲᠦᠮᠡᠨ ᠠᠯᠠᠰᠢᠨ ᠦᠬᠡᠷ ᠪᠣᠷᠣᠯᠠᠭᠤᠯᠵᠤ  ᠪᠠᠶᠢᠨ᠎ᠠ  ᠃  ᠪᠥᠬᠦ ᠬᠤᠰᠢᠭᠤᠨ ᠤ ᠠᠯᠠᠰᠢᠨ ᠦᠬᠡᠷ ᠲᠡᠵᠢᠭᠡᠨ  ᠦᠷᠡᠵᠢᠭᠦᠯᠵᠥ ᠪᠠᠶᠢᠭ᠎ᠠ ᠡᠷᠦᠬᠡ ᠲᠠᠯᠠᠪᠠᠶ ᠶᠢᠨ ᠨᠡᠶᠢᠲᠡ ᠲᠤᠭ᠎ᠠ 13274  ᠪᠠᠶᠢᠵᠤ᠂ ᠪᠥᠬᠦ ᠬᠤᠰᠢᠭᠤᠨ ᠤ ᠠᠯᠠᠰᠢᠨ ᠦᠬᠡᠷ ᠪᠠ  ᠮᠠᠯᠵᠢᠯ ᠤᠨ ᠠᠰᠢᠭ ᠰᠢᠮ᠎ᠡ ᠶᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠬᠢᠷᠢ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ᠂ ᠠᠵᠤ ᠦᠢᠯᠡᠰ ᠤᠨ ᠪᠠᠷᠢᠮᠵᠢᠶᠠᠵᠢᠭᠤᠯᠤᠭᠰᠠᠨ ᠬᠡᠪᠴᠢᠶᠡᠵᠢᠯ ᠤᠨ ᠠᠬᠢᠴᠠ ᠲᠠᠰᠤᠷᠠᠯᠲᠠ ᠥᠬᠡᠶ ᠲᠦᠷᠭᠡᠳᠪᠡ᠃ 2024 ᠣᠨ ᠤ 4 ᠰᠠᠷ᠎ᠠ ᠳᠤ ᠣᠩᠨᠢᠭᠤᠳ ᠬᠤᠰᠢᠭᠤᠨ ᠤ ᠦᠬᠡᠷ ᠤᠨ ᠠᠵᠤ ᠦᠢᠯᠡᠰ ᠤᠨ ᠨᠡᠶᠢᠭᠡᠮᠯᠢᠭ ᠢ  ᠪᠠᠶᠢᠭᠤᠯᠵᠤ᠂ 7 ᠰᠠᠷ᠎ᠠ ᠳᠤ  ᠤᠯᠠᠭᠠᠨᠬᠠᠳᠠ ᠬᠤᠲᠠ ᠶᠢᠨ ᠬᠤᠶᠠᠳᠤᠭᠠᠷ ᠬᠤᠭᠤᠴᠠᠭᠠᠨ ᠤ ︽ ᠦᠬᠡᠷᠴᠢᠨ ᠤ  ᠮᠦᠷᠥᠶᠢᠴᠡᠭᠡᠨ︾  ᠪᠤᠯᠤᠨ 2024 ᠣᠨ ᠤ ᠠᠯᠠᠰᠢᠨ ᠦᠬᠡᠷ ᠤᠨ ᠠᠵᠤ ᠦᠢᠯᠡᠰ ᠤᠨ ᠲᠤᠬᠠᠢ ᠶᠢᠨ ᠲᠠᠯᠠᠪᠤᠷ ᠤᠨ ᠬᠤᠷᠠᠯ ᠢ ᠡᠷᠬᠢᠯᠡᠪᠡ  ᠃ 10 ᠰᠠᠷ᠎ᠠ ᠳᠤ ᠤᠯᠠᠭᠠᠨᠬᠠᠳᠠ ᠶᠢᠨ ᠱᠧᠩ ᠴᠢᠤᠸᠠᠨ ᠠᠮᠢ ᠠᠬᠤᠢ ᠶᠢᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢ ︽ᠥᠪᠡᠷᠲᠡᠭᠡᠨ ᠵᠠᠰᠠᠬᠤ ᠣᠷᠣᠨ ᠤ ᠲᠡᠰ ᠤᠨ ᠠᠯᠠᠰᠢᠨ ᠦᠬᠡᠷ ᠤᠨ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ︾ ᠪᠠᠷ ᠲᠣᠭᠲᠠᠭᠠᠵᠤ᠂ ᠪᠦᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ  ᠲᠡᠭᠦᠯᠳᠡᠷᠵᠢᠭᠦᠯᠥᠨ᠂ ᠠᠵᠤ ᠦᠢᠯᠡᠰ ᠤᠨ ᠴᠢᠳᠠᠮᠵᠢ ᠶᠢ ᠲᠠᠰᠤᠷᠠᠯᠲᠠ ᠦᠭᠡᠢ ᠥᠷᠭᠡᠳᠬᠡᠵᠦ᠂ ᠣᠩᠨᠢᠭᠤᠳ ᠬᠤᠰᠢᠭᠤᠨ ᠤ ᠤᠮᠠᠷᠠᠲᠤ  ᠤᠷᠤᠨ ᠤ  ᠪᠣᠬᠢᠷᠲᠤᠯ ᠦᠭᠡᠢ  ᠮᠠᠯᠵᠢᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ  ᠭᠠᠵᠠᠷ ᠪᠤᠯᠭᠠᠨ ᠪᠦᠲᠥᠭᠡᠨ ᠪᠠᠶᠢᠭᠤᠯᠬᠤ ᠶᠢ  ᠠᠬᠢᠭᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠨᠢ ᠣᠳᠣᠬᠠᠨ ᠤ ᠦᠬᠡᠷ ᠤᠨ ᠮᠢᠬᠠᠨ ᠤ ᠵᠠᠬ᠎ᠠ ᠳᠡᠯᠭᠡᠭᠦᠷ  ᠨᠢ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠶᠡᠭᠡ ᠣᠷᠴᠢᠨ ᠲᠣᠭᠤᠷᠢᠨ ᠤ ᠨᠥᠯᠥᠭᠡᠯᠡᠯ ᠠᠴᠠ ᠪᠤᠯᠵᠤ᠂  ᠦᠨ᠎ᠡ ᠬᠠᠩᠰᠢ ᠳᠤᠤᠷ᠎ᠠ᠂ ᠠᠰᠢᠭ ᠤᠷᠤᠯᠭ᠎ᠠ ᠪᠠᠭ᠎ᠠ ᠵᠡᠷᠭᠡ ᠪᠠᠶᠢᠳᠠᠯ ᠢᠯᠡᠷᠡᠭᠰᠡᠨ ᠪᠠᠶᠢᠨ᠎ᠠ᠃   ᠡᠨᠡᠬᠦ ᠪᠠᠶᠢᠳᠠᠯ ᠳᠤ ᠴᠢᠭᠯᠡᠭᠦᠯᠥᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠦᠬᠡᠷ ᠤᠨ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ  ᠂  ᠶᠠᠳᠠᠷ ᠳᠤᠷᠤᠢ  ᠂  ᠤᠷᠤᠯᠭ᠎ᠠ ᠳᠣᠤᠷ᠎ᠠ ᠦᠬᠡᠷ ᠢ ᠵᠣᠬᠢᠬᠤ ᠬᠡᠮᠵᠢᠶ᠎ᠡ ᠪᠠᠷ ᠰᠢᠭᠰᠢᠭᠳᠡᠭᠦᠯᠵᠦ᠂ ᠦᠢᠯᠡᠳᠪᠦᠷᠢᠯᠡᠯ ᠤᠨ ᠬᠥᠭᠵᠢᠯᠲᠡ ᠶᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠨᠠᠩ ᠰᠠᠶᠢᠨ ᠵᠣᠬᠢᠴᠠᠭᠤᠯᠬᠤ ᠬᠡᠷᠡᠭᠲᠡᠶ᠃   ᠡᠬᠡ ᠮᠠᠯ ᠤᠨ ᠲᠤᠭ᠎ᠠ ᠶᠢ ᠨᠡᠮᠡᠭᠳᠡᠭᠦᠯᠥᠨ  ᠶᠠᠰᠤ ᠴᠢᠨᠠᠷ ᠢ ᠨᠢ ᠳᠡᠭᠡᠭᠰᠢᠯᠡᠭᠦᠯᠬᠦ᠂ ᠠᠮᠤ  ᠪᠤᠳᠠᠭᠠᠨ ᠰᠠᠭᠤᠷᠢᠨ ᠭᠠᠵᠠᠷ  ᠢ  ᠲᠡᠵᠢᠭᠡᠯ  ᠪᠤᠷᠳᠤᠭᠠᠨ ᠰᠠᠭᠤᠷᠢᠨ ᠭᠠᠵᠠᠷ ᠪᠣᠯᠭᠠᠨ ᠥᠭᠡᠷᠡᠴᠢᠯᠡᠬᠦ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠰᠢᠶᠠᠨ ᠢᠶᠠᠷ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ  ᠬᠡᠷᠡᠭᠵᠢᠭᠦᠯᠬᠦ ᠬᠡᠷᠡᠭᠳᠡᠢ᠃ ᠣᠷᠣᠨ ᠨᠤᠲᠤᠭ ᠢ ᠬᠥᠲᠥᠯᠥᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠲᠠᠯᠠᠪᠠᠶ  ᠡᠷᠦᠬᠡ ᠳᠤ ᠢᠲᠡᠭᠡᠮᠵᠢᠲᠦ ᠵᠢᠭᠡᠯᠡᠯᠭᠡ᠂ ᠳᠠᠭᠠᠳᠬᠠᠯ ᠤᠨ ᠲᠠᠯ᠎ᠠ ᠪᠠᠷ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂  ᠡᠬᠡ ᠮᠠᠯ ᠢ ᠬᠡᠲᠦ ᠰᠢᠭᠰᠢᠭᠳᠡᠭᠦᠯᠬᠦ ᠶᠢ ᠰᠡᠷᠭᠡᠶᠢᠯᠡᠬᠦ ᠬᠡᠷᠡᠭᠲᠡᠶ᠃ ᠮᠠᠯ ᠠᠵᠤ ᠠᠬᠤᠢ  ᠶᠢ  ᠲᠦᠬᠦᠭᠡᠷᠥᠮᠵᠢᠭᠦᠯᠬᠦ᠂ ᠵᠣᠬᠢᠶᠠᠨ  ᠪᠠᠶᠢᠭᠤᠯᠴᠢᠯᠠᠬᠤ᠂ ᠠᠵᠤ ᠦᠢᠯᠡᠰᠵᠢᠭᠦᠯᠬᠦ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ  ᠬᠡᠯᠬᠢᠶᠡᠵᠢᠯ ᠢ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ᠃ ᠲᠡᠵᠢᠭᠡᠨ ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠵᠠᠬᠢᠶᠠᠯᠠᠭ᠎ᠠ ᠪᠠᠷ ᠦᠢᠯᠡᠳᠪᠦᠷᠢᠯᠡᠬᠦ ᠪᠠ  ᠪᠤᠷᠤᠯᠠᠭᠤᠯᠭ᠎ᠠ ᠪᠠᠷ ᠭᠡᠷ᠎ᠡ  ᠲᠤᠭᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ  ᠲᠠᠢ  ᠬᠤᠯᠪᠤᠨ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ  ᠲᠡᠭᠦᠯᠳᠡᠷᠵᠢᠭᠦᠯᠵᠥ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠳᠤ ᠨᠡᠩ ᠣᠯᠠᠨ ᠪᠣᠳᠠᠲᠤ ᠠᠰᠢᠭ ᠬᠦᠷᠲᠡᠭᠡᠬᠦ ᠬᠡᠷᠡᠭᠲᠡᠶ  ᠭᠡᠵᠡᠢ᠃
 
ᠢᠷᠡᠯᠲᠡ᠄ ᠣᠩᠨᠢᠭᠤᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号