| | 1 ᠰᠠᠷ᠎ᠠ ᠶᠢᠨ 14 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ | ᠬᠤᠰᠢᠭᠤᠨ ᠳᠠᠷᠤᠭ᠎ᠠ ᠮᠠ ᠶᠦᠩ ᠭᠠᠩ 2025 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠪᠠ᠂ ᠰᠦᠨ ᠮᠢᠩ ᠲᠤᠤ᠂ ᠴᠠᠭᠠᠨᠪᠠᠭᠠᠲᠤᠷ ᠬᠤᠷᠠᠯ ᠳᠤ ᠣᠷᠣᠯᠴᠠᠪᠠ᠃ | ᠬᠤᠷᠠᠯ ᠠᠴᠠ᠂ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠨᠥᠬᠦᠪᠥᠷᠢ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠴᠢᠬᠤᠯᠠ ᠭᠠᠷᠳᠠᠴᠠ ᠪᠠᠶᠢᠵᠤ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ | ᠪᠤᠵᠠᠭᠠᠶᠢᠷᠠᠭᠤᠯᠬᠤ᠂ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠯᠠ ᠮᠥᠩᠭᠦ ᠶᠢᠨ | ᠬᠡᠷᠡᠭᠯᠡᠯᠲᠡ ᠶᠢᠨ ᠨᠠᠷᠢᠯᠢᠭ ᠣᠨᠣᠪᠴᠢᠲᠠᠶ᠂ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠨ᠂ ᠲᠥᠷᠥᠯ ᠵᠦᠢᠯ ᠢ | ᠡᠷᠲᠡ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠡᠯ᠎ᠡ ᠲᠥᠷᠥᠯ ᠵᠦᠢᠯ ᠤᠨ ᠪᠠᠶᠢᠭᠤᠯᠭ᠎ᠠ ᠨᠢᠭᠡᠴᠡ 2025 ᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠬᠡᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠦᠭᠰᠡᠨ ᠤ ᠬᠠᠮᠲᠤ ᠲᠥᠷᠥᠯ ᠵᠦᠢᠯ ᠢ | ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ ᠰᠠᠨᠠᠯ ᠰᠠᠨᠠᠭᠤᠯᠭ᠎ᠠ | ᠳᠤᠷᠠᠳᠪᠠ᠃ |