| | 1 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ | ᠬᠤᠰᠢᠭᠤᠨ ᠳᠠᠷᠤᠭ᠎ᠠ ᠮᠠ ᠶᠦᠩ ᠭᠠᠩ ᠤᠷᠢᠳ ᠬᠤᠵᠢᠳ ᠬᠤᠳᠠᠯᠳᠤᠭᠠᠨ ᠤ ᠬᠡᠲᠦ ᠳᠡᠯᠭᠡᠭᠦᠷ᠂ ᠰᠢᠲᠠᠮᠠᠬᠠᠶ | ᠬᠡᠶ ᠶᠢᠨ ᠺᠣᠮᠫᠠᠨᠢ᠂ ᠲᠣᠰᠣ ᠨᠡᠮᠡᠬᠦ ᠥᠷᠲᠡᠭᠡ᠂ ᠬᠤᠸᠠᠷ ᠫᠤᠤᠵᠢᠩ ᠪᠣᠷᠣᠯᠠᠭᠤᠯᠬᠤ ᠠᠵᠤ ᠠᠬᠤᠶᠢᠯᠠᠯ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ | ᠠᠶᠤᠯᠭᠦᠶ ᠦᠢᠯᠡᠳᠪᠥᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠱᠠᠭᠠᠷᠳᠠᠨ ᠵᠢᠯᠣᠭᠤᠳᠪᠠ᠃ | ᠬᠦᠷᠦᠭᠰᠡᠨ ᠭᠠᠵᠠᠷ ᠪᠣᠯᠭᠠᠨ ᠳᠤ᠂ ᠮᠠ ᠶᠦᠩ ᠭᠠᠩ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠂ | ᠡᠵᠡᠩᠨᠡᠯᠲᠡ᠂ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠢᠨᠴᠥᠭᠦᠷᠡᠨ | ᠲᠠᠶᠢᠪᠤᠰᠢᠷᠠᠬᠤ ᠦᠵᠡᠯ ᠪᠤᠳᠤᠯ᠂ ᠬᠤᠨᠵᠢᠵᠤ ᠵᠠᠪᠰᠢᠬᠤ ᠦᠵᠡᠯ ᠪᠤᠳᠤᠯ ᠢ ᠡᠷᠡᠰ ᠲᠡᠪᠴᠢᠵᠦ᠂ ᠠᠶᠤᠯᠭᠦᠢ | ᠦᠢᠯᠡᠳᠪᠦᠷᠢᠯᠡᠯ ᠤᠨ ᠨᠠᠷᠢᠨ ᠵᠦᠢᠯᠡᠰ ᠢ ᠪᠣᠳᠠᠲᠠᠢ ᠴᠢᠩᠭ᠎ᠠ ᠠᠳᠬᠤᠵᠤ᠂ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠴᠡᠭ ᠪᠣᠯᠤᠨ ᠬᠦᠷᠥᠯᠴᠡᠬᠦ ᠦᠭᠡᠢ ᠵᠦᠢᠯ ᠢ ᠨᠠᠷᠢᠨ ᠬᠢᠨᠠᠮᠠᠭᠠᠢ ᠡᠷᠢᠨ ᠵᠢᠭᠰᠠᠭᠠᠵᠤ ᠰᠢᠢᠳᠪᠥᠷᠢᠯᠡᠨ | ᠂ ᠳᠡᠭᠡᠳᠦ ᠬᠡᠮᠵᠢᠶᠡᠨ ᠤ ᠬᠠᠷᠢᠭᠤᠴᠠᠯᠭᠠᠳᠤ ᠰᠡᠳᠬᠢᠯᠭᠡ ᠪᠠᠷ ᠠᠵᠤ ᠠᠬᠤᠶᠢᠯᠠᠯ ᠤᠨ ᠠᠮᠤᠷ ᠲᠦᠪᠰᠢᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠮᠠ ᠶᠦᠩ ᠭᠠᠩ ᠶᠠᠷᠢᠶᠠᠨ ᠳᠠᠭᠠᠨ ᠭᠠᠯ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ | ᠰᠠᠯᠠᠭ᠎ᠠ ᠮᠥᠴᠢᠷ ᠤᠳ ᠵᠠᠩᠭᠢᠯᠠᠭ᠎ᠠ ᠶᠢᠨ ᠬᠦᠷᠢᠶ᠎ᠡ ᠂ ᠭᠤᠭᠴᠤᠭ᠎ᠠ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ | ᠬᠥᠮᠦᠰ ᠪᠠ ᠭᠤᠤᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠬᠠᠷᠢᠯᠴᠠᠭ᠎ᠠ ᠠᠴᠢᠶ᠎ᠠ | ᠲᠡᠭᠡᠭᠡᠪᠦᠷᠢ᠂ ᠬᠤᠲᠠ ᠪᠠᠯᠭᠠᠰᠤ ᠶᠢᠨ ᠰᠢᠲᠠᠮᠠᠬᠠᠶ ᠬᠡᠶ᠂ ᠭᠠᠯ ᠤᠨᠲᠠᠷᠠᠭᠠᠬᠤ᠂ ᠠᠶᠤᠯᠲᠠᠶ ᠬᠢᠮᠢ ᠶᠢᠨ ᠪᠣᠳᠠᠰ᠂ ᠣᠶ | ᠰᠢᠭᠤᠶ ᠶᠢᠨ ᠭᠠᠯ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ | ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠵᠦ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠣᠯᠠᠨ ᠨᠡᠶᠢᠲᠡ ᠶᠢᠨ ᠬᠦᠨᠳᠦ | ᠨᠤᠴᠢᠳᠠᠢ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ ᠭᠡᠵᠡᠢ᠃ |